2 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠾᠧᠦ ᠶᠥᠩ ᠹᠧᠩ 2025 ᠣᠨ ᠤ ᠰᠢᠶᠠᠨ ᠤ ᠵᠠᠰᠠᠭ ᠤᠨ ᠣᠷᠳᠣᠨ ᠤ ᠪᠦᠭᠦᠳᠡ ᠬᠤᠷᠠᠯ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠵᠢᠴᠢ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ 2025 ᠣᠨ ᠤ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ | ᠃ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ | ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ︾ ᠶᠢ ᠤᠯᠠᠮᠵᠢᠯᠠᠨ ᠰᠤᠷᠤᠯᠴᠠᠵᠤ᠂ ︽ᠭᠦᠶᠡᠩ ᠰᠢᠶᠠᠨ ᠤ ︿ᠠᠷᠪᠠᠨ ᠲᠠᠪᠤᠳᠤᠭᠠᠷ | ᠲᠠᠪᠤᠨ ᠵᠢᠯ﹀ ᠤᠨ ᠲᠥᠯᠥᠪᠵᠢᠭᠦᠯᠭᠡ ᠶᠢᠨ ᠦᠨᠳᠦᠰᠦᠨ ᠰᠡᠳᠬᠢᠴᠡ︾ ᠶᠢ ᠰᠤᠳᠤᠯᠵᠤ᠂ ᠳᠠᠷᠠᠭᠠᠴᠢ ᠶᠢᠨ | ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ | ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠬᠠᠮᠤᠭ ᠤᠨ ᠪᠠᠲᠤ ᠪᠠᠬᠢ᠂ ᠬᠠᠮᠤᠭ ᠤᠨ | ᠦᠨᠳᠦᠰᠦᠨ ᠪᠠᠲᠤᠯᠠᠭ᠎ᠠ ᠮᠥᠨ᠂ ᠪᠥᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠴᠢᠭᠯᠡᠯᠲᠡ ᠠᠷᠭ᠎ᠠ ᠪᠣᠳᠣᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠷᠠᠳ ᠤᠨ ᠲᠥᠯᠥᠭᠡ ᠪᠠᠶᠢᠬᠤ᠂ | ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠤᠯᠤᠰ ᠲᠥᠷᠥ ᠶᠢᠨ ᠣᠷᠴᠢᠨ ᠲᠣᠭᠤᠷᠢᠨ ᠢ | ᠪᠦᠬᠦ ᠬᠦᠴᠦᠨ ᠢᠶᠠᠷ ᠢᠶᠠᠨ ᠪᠣᠢ ᠪᠣᠯᠭᠠᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠴᠢᠨᠠᠷ ᠰᠠᠶᠢᠲᠠᠢ | ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠵᠢᠯ ᠤᠨ | ᠬᠠᠷᠠᠯᠲᠠ ᠡᠭᠦᠷᠭᠡ ᠶᠢ ᠲᠣᠭᠲᠠᠭᠠᠵᠤ᠂ ᠠᠯᠢᠪᠠ ᠶᠠᠪᠤᠳᠠᠯ ᠢ ᠰᠢᠢᠳᠪᠦᠷᠢᠯᠡᠬᠦ ᠰᠡᠳᠬᠢᠬᠦᠢ ᠪᠠᠷ ᠠᠵᠤ ᠠᠬᠤᠢ ᠶᠢᠨ | ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ | ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ | ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ ᠪᠦᠲᠦᠮᠵᠢ ᠪᠠᠷ ᠢᠶᠠᠨ ᠬᠠᠷᠢᠴᠠᠯᠠᠰᠢᠭᠦᠢ ᠦᠨᠡᠨᠴᠢ ᠰᠢᠳᠤᠷᠭᠤ ᠶᠢ | ᠲᠠᠶᠢᠯᠪᠤᠷᠢᠯᠠᠬᠤ ᠬᠡᠷᠡᠭᠲᠡᠢ ᠬᠡᠵᠡᠢ᠃ | ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠬᠠᠷᠠᠯᠲᠠ ᠡᠭᠦᠷᠭᠡ᠂ ᠪᠠᠶᠢᠯᠳᠤᠬᠤ ᠪᠣᠳᠣᠯᠭ᠎ᠠ ᠶᠢᠨ | ᠭᠤᠣᠯᠳᠠᠯᠭ᠎ᠠ ᠪᠣᠯᠤᠨ ᠭᠤᠣᠯ ᠰᠢᠪᠲᠤᠯᠤᠯᠲᠠ ᠶᠢᠨ ᠴᠢᠭᠯᠡᠯ ᠢ ᠭᠦᠨᠵᠡᠭᠡᠢ ᠡᠵᠡᠮᠳᠡᠵᠦ᠂ ᠮᠠᠨ ᠤ ᠰᠢᠶᠠᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠳᠬᠠᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠰᠢᠶᠠᠨ ᠤ | ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ | ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠪᠣᠯ | ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠠᠰᠠ ᠴᠤ ᠮᠠᠨ ᠤ ᠰᠢᠶᠠᠨ ᠤ ᠲᠡᠷᠢᠭᠦᠨ ᠤ ᠣᠷᠣᠨ ᠪᠠᠶᠢᠷᠢ ᠶᠢ ᠲᠡᠮᠡᠴᠡᠨ | ᠣᠯᠬᠤ᠂ ᠳᠠᠪᠠᠵᠤ ᠭᠠᠷᠬᠤ ᠲᠡᠦᠬᠡ ᠶᠢᠨ ᠠᠵᠠ ᠲᠣᠬᠢᠶᠠᠯᠳᠤ ᠬᠤᠭᠤᠴᠠᠭ᠎ᠠ ᠪᠣᠯᠤᠨ ᠪᠣᠭᠤᠮᠲᠠ ᠰᠢᠪᠲᠤᠯᠬᠤ | ᠬᠤᠭᠤᠴᠠᠭ᠎ᠠ ᠪᠣᠯᠤᠨ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠭᠤᠣᠯ ᠠᠵᠢᠯ ᠲᠠᠢ ᠪᠠᠷᠢᠮᠵᠢᠶᠠᠯᠠᠨ ᠬᠠᠷᠭᠤᠭᠤᠯᠵᠤ᠂ | ᠭᠦᠶᠡᠩ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ | ᠪᠠ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠢ ᠴᠢᠨᠠᠭᠰᠢᠳᠠ ᠲᠣᠳᠣᠷᠬᠠᠶᠢᠯᠠᠵᠤ᠂ ᠪᠥᠬᠦ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢᠨ ᠭᠤᠣᠯᠳᠠᠯᠭ᠎ᠠ ᠲᠠᠢ ᠲᠠᠯ᠎ᠠ᠂ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠡᠷᠦᠩᠬᠡᠢ ᠰᠡᠳᠬᠢᠴᠡ᠂ ᠪᠣᠷᠣ ᠲᠥᠯᠥᠪ ᠤᠨ | ᠰᠢᠰᠲ᠋ᠧᠮ᠂ ᠬᠥᠭᠵᠢᠯᠲᠡ ᠶᠢᠨ ᠬᠠᠷᠠᠯᠲᠠ ᠵᠢᠴᠢ ᠭᠦᠶᠡᠩ ᠤᠨ ᠣᠨᠴᠠᠯᠢᠭ ᠲᠠᠢ ᠠᠵᠢᠯ ᠤᠨ ᠠᠷᠭ᠎ᠠ ᠬᠡᠮᠵᠢ᠊ᠶᠡ ᠪᠠᠷ | ᠦᠨᠡᠨᠬᠦ ᠥᠨᠳᠥᠷ ᠲᠦᠪᠰᠢᠨ ᠪᠦᠬᠦᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠬᠤ ᠬᠡᠷᠡᠭᠲᠡᠢ ᠬᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |