ᠭᠦᠶᠡᠩ ᠰᠢᠶᠠᠨ ᠤᠯᠤᠰ ᠤᠨ ᠳᠡᠰ ᠤᠨ ᠫᠷᠣᠵᠧᠺᠲ ᠢᠶᠠᠷ ᠵᠥᠪᠰᠢᠶᠡᠷᠡᠭᠳᠡᠵᠡᠢ︕
ᠨᠡᠶᠢᠲᠡᠯᠡᠭᠰᠡᠨ ᠴᠠᠭ᠄
2025/2/27
   ᠣᠶᠢᠷ᠎ᠠ ᠳᠤ ᠭᠦᠶᠡᠩ ᠰᠢᠶᠠᠨ ᠤ 2025 ᠣᠨ ᠤ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠥᠷᠥᠯ ᠵᠦᠢᠯ ᠨᠡᠶᠢᠲᠡ ᠪᠠᠷ ᠵᠥᠪᠰᠢᠶᠡᠷᠡᠭᠳᠡᠭᠰᠡᠨᠵᠠᠰᠠᠭ ᠵᠠᠬᠢᠷᠭᠠᠨ ᠤ ᠲᠤᠰᠬᠤᠨ ᠤ ᠲᠥᠷᠥᠯ ᠵᠦᠢᠯ ᠤᠨ 4G ᠰᠠᠭᠤᠷᠢ ᠥᠷᠲᠡᠭᠡ 3 ᠰᠠᠭᠤᠷᠢ ᠂ 5G ᠶᠢᠨ ᠰᠠᠭᠤᠷᠢ ᠥᠷᠲᠡᠭᠡ 1 ᠰᠠᠭᠤᠷᠢ ᠵᠢᠱᠢᠯᠲᠡ ᠶᠢᠨ ᠶᠡᠷᠦᠩᠬᠡᠢ ᠳᠡᠮᠵᠢᠯᠭᠡ ᠶᠢᠨ ᠪᠡᠯᠡ ᠮᠥᠩᠭᠦ 267.5 ᠲᠦᠮᠡᠨ ᠲᠥᠭᠦᠷᠢᠭ ᠬᠥᠷᠥᠨ᠎ᠡ᠃   ᠣᠶᠢᠷ᠎ᠠ ᠶᠢᠨ ᠵᠢᠯ ᠠᠴᠠ᠂ ᠰᠢᠶᠠᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠷᠠᠳᠢᠣ᠋ ᠲᠧᠯᠸᠢᠰ ᠤᠨ ᠰᠦᠯᠵᠢᠶ᠎ᠡ ᠵᠡᠷᠭᠡ ᠠᠵᠤ ᠠᠬᠤᠶᠢᠯᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠣᠭᠠᠴᠢᠯᠠᠭᠰᠠᠨ ᠬᠥᠭᠵᠢᠯᠲᠡ ᠶᠢᠨ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠪᠠᠯᠠᠢ ᠶᠢ ᠨᠥᠬᠦᠪᠥᠷᠢᠯᠡᠬᠦ ᠬᠤᠷᠳᠤᠴᠠ ᠶᠢ ᠳᠡᠭᠡᠭᠰᠢᠯᠡᠭᠦᠯᠬᠦ᠂ ᠲᠣᠣᠷ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠣᠯᠤᠨ ᠰᠠᠭᠤᠭᠠᠯᠢ ᠠᠷᠠᠳ ᠤᠨ ᠠᠮᠢᠳᠤᠷᠠᠯ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠣᠳᠣ ᠪᠣᠯᠲᠠᠯ᠎ᠠ᠂ ᠪᠥᠬᠦ ᠰᠢᠶᠠᠨ ᠳᠤ ᠨᠡᠶᠢᠲᠡ 335 ᠰᠠᠭᠤᠷᠢ ᠥᠷᠲᠡᠭᠡ ᠶᠢ ᠪᠠᠶᠢᠭᠤᠯᠵᠤ᠂ ᠡᠭᠦᠨ ᠳᠤ 240 ᠰᠠᠭᠤᠷᠢ ᠥᠷᠲᠡᠭᠡ ᠨᠢ ᠨᠢᠭᠡᠨᠲᠡ 5G ᠶᠢᠨ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ᠰᠢᠶᠠᠨ ᠤ ᠬᠤᠲᠠ ᠶᠢᠨ ᠲᠥᠯᠥᠪᠵᠢᠭᠦᠯᠭᠡ ᠶᠢᠨ ᠣᠷᠣᠨ ᠪᠦᠰᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠭᠤᠣᠯ ᠵᠠᠮ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠲᠣᠰᠬᠤᠨ ᠤ ᠠᠷᠠᠳ ᠤᠨ ᠵᠥᠪᠯᠡᠯ ᠤᠨ ᠰᠠᠭᠤᠭ᠎ᠠ ᠭᠠᠵᠠᠷ ᠢ ᠪᠦᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠭᠰᠡᠨ ᠪᠥᠭᠡᠳ ᠠᠯᠬᠤᠮ ᠠᠯᠬᠤᠮ ᠢᠶᠠᠷ ᠨᠥᠬᠦᠴᠡᠯ ᠲᠠᠢ ᠠᠶᠢᠯ ᠲᠣᠰᠬᠤᠨ ᠲᠡᠰᠢ ᠬᠠᠮᠤᠷᠴᠤ᠂ ᠬᠤᠲᠠ ᠬᠥᠳᠡᠭᠡ ᠶᠢᠨ ᠴᠢᠮᠡᠭᠡ ᠬᠤᠯᠪᠣᠭᠠᠨ ᠤ ᠶᠠᠰᠤ ᠴᠢᠨᠠᠷ ᠪᠠ ᠬᠤᠷᠳᠤᠴᠠ ᠶᠢ ᠪᠦᠲᠦᠮᠵᠢᠲᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠡᠳᠡᠭᠡ ᠵᠠᠩᠭᠢ ᠶᠢᠨ ︽ᠲᠣᠮᠣ ᠰᠤᠳᠠᠰᠤ︾ ᠶᠢ ᠨᠡᠪᠲᠡᠷᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   ᠳᠠᠷᠠᠭᠠᠴᠢ ᠶᠢᠨ ᠠᠯᠬᠤᠮ ᠳᠤ᠂ ᠰᠢᠶᠠᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠠᠢ ᠨᠢᠭᠲᠠ ᠨᠡᠪᠲᠡᠷᠡᠯᠴᠡᠬᠦ ᠶᠢ ᠪᠠᠲᠤᠯᠠᠵᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠬᠦ ᠪᠠ ᠲᠥᠯᠥᠪᠵᠢᠭᠦᠯᠭᠡ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠠᠷᠢᠯᠭ᠎ᠠ ᠪᠠᠷᠢᠬᠤ ᠬᠤᠭᠤᠴᠠᠭ᠎ᠠ ᠶᠢ ᠵᠠᠪᠳᠤᠨ ᠠᠳᠬᠤᠵᠤ᠂ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠠᠭ ᠤᠨ ᠠᠬᠢᠴᠠ ᠪᠠᠷ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠪᠥᠬᠦ ᠰᠢᠶᠠᠨ ᠤ ᠪᠤᠶᠢᠳᠠ ᠪᠥᠭᠯᠡᠭᠦᠦ ᠭᠠᠵᠠᠷ ᠣᠷᠣᠨ ᠤ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠦᠯᠵᠢᠶ᠎ᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠰᠣᠳᠣᠨ ᠪᠦᠲᠦᠭᠡᠭᠳᠡᠬᠦᠨ︾ ᠰᠦᠯᠵᠢᠶ᠎ᠡ ᠪᠠᠷ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠪᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号