ᠴᠠᠭᠠᠨ ᠰᠠᠷ᠎ᠠ ᠳᠤ ᠪᠢ ᠠᠵᠢᠯ ᠤᠨ ᠪᠠᠶᠢᠷᠢᠨ ᠳᠤ ᠪᠠᠨ ᠪᠠᠶᠢᠨ᠎ᠠ᠂ ᠠᠮᠤᠷ ᠲᠦᠪᠰᠢᠨ ︽ᠴᠠᠭᠳᠠᠭ᠎ᠠ︾ ​ ᠰᠠᠬᠢᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/2/5
    ᠬᠥᠭᠵᠢᠶᠡᠨ ᠨᠠᠷᠭᠢᠶᠠᠨ ᠲᠠᠢ ᠳᠤᠮᠳᠠᠳᠤ ᠤᠯᠤᠰ ᠤᠨ ᠵᠢᠯ᠂ ᠠᠶᠢᠯ ᠡᠷᠦᠬᠡ ᠶᠢᠨ ᠬᠥᠭᠵᠢᠮ ᠤᠨ ᠴᠤᠭᠯᠠᠭᠠᠨ ᠂ ᠠᠳᠠᠯᠢ ᠪᠤᠰᠤ ᠴᠠᠭᠠᠨ ᠰᠠᠷ᠎ᠠ ᠬᠠᠷᠢᠨ ᠠᠳᠠᠯᠢ ᠪᠤᠰᠤ ︽ᠴᠠᠭᠳᠠᠭᠠᠨ ᠤ ᠥᠩᠭᠡ︾ ᠲᠠᠢ ᠪᠠᠶᠢᠵᠤ᠂ ᠴᠠᠭᠠᠨ ᠰᠠᠷ᠎ᠠ ᠴᠤᠭᠯᠠᠷᠠᠬᠤ ᠦᠶ᠎ᠡ ᠳᠤ ᠲᠡᠳᠡ ᠡᠷᠦᠬᠡ ᠪᠣᠯᠭᠠᠨ ᠤ ᠳ᠋ᠧᠩ ᠢᠶᠠᠨ ᠰᠠᠬᠢᠨ ᠪᠡᠷᠡᠯᠡᠵᠦ ᠪᠠᠶᠢᠪᠠ᠃ ᠲᠡᠳᠡᠨ ᠤ ᠲᠣᠯᠢ ᠪᠢᠴᠢᠭ ᠲᠤ ᠰᠢᠨ᠎ᠡ ᠵᠢᠯ ᠤᠨ ᠤᠬᠠᠭᠳᠠᠬᠤᠨ ᠪᠠᠶᠢᠬᠤ ᠦᠭᠡᠢ᠂ ᠤᠴᠢᠷ ᠨᠢ ᠲᠡᠳᠡ ᠵᠥᠪᠬᠡᠨ ᠥᠪᠡᠷ ᠢᠶᠠᠨ ᠨᠢᠭᠡ ᠬᠤᠪᠢ ᠪᠠᠲᠤ ᠰᠠᠬᠢᠪᠠᠯ ᠰᠠᠶ᠋ᠢ ᠡᠨᠡ ᠬᠦ ᠰᠢᠶᠠᠨ ᠤ ᠬᠤᠲᠠ ᠰᠠᠶ᠋ᠢ ᠠᠮᠤᠷ ᠲᠣᠭᠲᠠᠭᠤᠨ᠂ ᠠᠷᠠᠳ ᠢᠷᠭᠡᠳ ᠢᠯᠡᠭᠦᠦ ᠨᠢᠭᠡ ᠬᠤᠪᠢ ᠵᠣᠯ ᠵᠢᠷᠭᠠᠯ ᠲᠠᠢ ᠪᠣᠯᠵᠤ ᠴᠢᠳᠠᠨ᠎ᠠ ᠭᠡᠳᠡᠭ ᠢ ᠮᠡᠳᠡᠵᠦ ᠪᠠᠶᠢᠨ᠎ᠠ᠃ ᠵᠠᠮ ᠬᠠᠷᠢᠯᠴᠠᠭᠠᠨ ᠤ ᠴᠠᠭᠳᠠᠭ᠎ᠠ ᠪᠣᠯᠤᠭᠰᠠᠨ ᠤ ᠬᠤᠪᠢ ᠳᠤ᠂ ᠲᠡᠳᠡ ᠥᠪᠡᠷ ᠤᠨ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠨᠢᠭᠡ ᠡᠳᠦᠷ ᠨᠢᠭᠡ ᠵᠢᠯ ᠦᠷᠭᠦᠯᠵᠢᠯᠡᠨ᠎ᠡ᠃ ᠵᠠᠮ ᠬᠠᠷᠢᠯᠴᠠᠭᠠᠨ ᠤ ᠴᠠᠭᠳᠠᠭ᠎ᠠ ᠶᠢᠨ ᠠᠯᠬᠤᠭ᠎ᠠ ᠵᠤᠭᠰᠤᠭ᠎ᠠ ᠦᠭᠡᠢ᠂ ᠤᠷᠢᠬᠠᠨ ᠬᠠᠪᠤᠷ ᠡᠬᠡ ᠭᠠᠵᠠᠷ ᠲᠤ ᠪᠤᠴᠠᠵᠤ᠂ ᠪᠦᠬᠦᠳᠡᠭᠡᠷ ᠢᠶᠠᠨ ᠪᠠᠶᠠᠷ ᠬᠦᠷ ᠲᠠᠢ᠂ ᠠᠮᠤᠷ ᠮᠡᠨᠳᠦ ᠳᠤ ᠪᠢ ᠪᠤᠢ᠂ ᠲᠠ ᠰᠠᠨᠠᠭ᠎ᠠ ᠠᠮᠤᠷ ᠪᠠᠶᠢᠭᠠᠷᠠᠢ᠃   
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号