︽ᠪᠠᠶᠠᠷ ᠪᠠᠶᠠᠰᠬᠤᠯᠠᠩᠲᠤ ᠴᠠᠭᠠᠨ ᠰᠠᠷ᠎ᠠ ᠶᠢᠨ 41° ᠭᠦᠶᠡᠩ ᠬᠠᠨᠳᠢᠪᠯᠠᠯ︾ 2025 ᠣᠨ ᠳᠤ ᠭᠦᠶᠡᠩ ᠰᠢᠶᠠᠨ ᠤ ᠴᠠᠭᠠᠨ ᠰᠠᠷ᠎ᠠ ᠶᠢᠨ ᠦᠳᠡᠰᠢᠯᠡᠭᠡ ​
ᠨᠡᠶᠢᠲᠡᠯᠡᠭᠰᠡᠨ ᠴᠠᠭ᠄
2025/2/5
  1 ᠰᠠᠷ᠎ᠠ ᠶᠢᠨ 22 ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶ᠎ᠠ᠂ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠤ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠭᠦᠶᠡᠩ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ ᠭᠦᠶᠡᠩ ᠰᠢᠶᠠᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ︽ᠪᠠᠶᠠᠷ ᠪᠠᠶᠠᠰᠬᠤᠯᠠᠩᠲᠤ ᠴᠠᠭᠠᠨ ᠰᠠᠷ᠎ᠠ ᠶᠢᠨ 41° ᠭᠦᠶᠡᠩ ᠬᠠᠨᠳᠢᠪᠯᠠᠯ ︾ 2025 ᠣᠨ ᠤ ᠭᠦᠶᠡᠩ ᠰᠢᠶᠠᠨ ᠤ ᠴᠠᠭᠠᠨ ᠰᠠᠷ᠎ᠠ ᠶᠢᠨ ᠬᠠᠮᠲᠤᠷᠠᠭᠰᠠᠨ ᠦᠳᠡᠰᠢᠯᠡᠭᠡ  ᠶᠢ ᠳᠠᠭᠠᠭᠠᠨ ᠡᠷᠬᠢᠯᠡᠪᠡ᠃       ᠰᠢᠶᠠᠨ ᠤ ᠱᠠᠲᠤᠨ ᠤ ᠤᠳᠤᠷᠢᠳᠤᠯᠭ᠎ᠠ᠂ ᠳᠡᠮᠵᠢᠨ ᠲᠤᠰᠠᠯᠠᠬᠤ ᠬᠤᠳᠠᠯᠳᠤᠭᠠᠴᠢᠨ᠂ ᠥᠪᠥᠷ ᠮᠣᠩᠭᠤᠯ ᠤᠨ ᠳᠠᠯᠠᠨ ᠬᠠᠷ᠎ᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠤᠭᠤᠲᠤ ᠶᠢᠨ ᠬᠤᠪᠢᠶᠠᠷᠢ ᠲᠣᠪᠴᠢᠶ᠎ᠠ᠂ ᠪᠥᠬᠦ ᠰᠢᠶᠠᠨ ᠤ ᠨᠢᠭᠡᠳᠦᠭᠡᠷ ᠱᠦᠵᠢ᠂ ᠲᠣᠰᠬᠤᠨ ᠤ ᠺᠠᠳ᠋ᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ᠂ ᠪᠣᠯᠪᠠᠰᠤᠨ ᠬᠡᠷ ᠪᠦᠯᠢ ᠶᠢᠨ ᠲᠥᠯᠥᠭᠡᠯᠡᠭᠴᠢ᠂ ᠡᠯ᠎ᠡ ᠠᠵᠢᠯ ᠲᠥᠷᠥᠯ ᠤᠨ ᠵᠢᠱᠢᠶᠡᠴᠢ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯ ᠤᠨ ᠲᠥᠯᠥᠭᠡᠯᠡᠭᠴᠢ᠂ ᠬᠦᠷᠢᠶᠡᠯᠡᠩ ᠲᠣᠭᠤᠷᠢᠭ ᠤᠨ ᠲᠥᠯᠥᠭᠡᠯᠡᠭᠴᠢ᠂ ᠪᠠᠭᠰᠢ᠂ ᠡᠮᠴᠢ ᠰᠤᠪᠢᠯᠠᠭᠴᠢ᠂ ᠡᠯ᠎ᠡ ᠪᠠᠯᠭᠠᠰᠤ᠂ ᠰᠠᠯᠠᠭ᠎ᠠ ᠮᠥᠴᠢᠷ ᠨᠢᠭᠡᠴᠡ᠂ ᠰᠢᠶᠠᠨ ᠳᠤ ᠰᠠᠭᠤᠭ᠎ᠠ ᠨᠢᠭᠡᠴᠡ ᠶᠢᠨ ᠺᠠᠳ᠋ᠷ ᠵᠢᠴᠢ ᠰᠠᠶᠢᠨ ᠳᠤᠷ᠎ᠠ ᠠᠴᠠ ᠪᠠᠨ ᠬᠦᠷᠦᠯᠴᠡᠨ ᠢᠷᠡᠭᠰᠡᠨ ᠣᠯᠠᠨ ᠲᠦᠮᠡᠨ ᠲᠤᠬᠠᠶ ᠶᠢᠨ ᠲᠠᠯᠠᠪᠠᠶ ᠳᠤ ᠦᠳᠡᠰᠢᠯᠡᠭᠡ ᠶᠢ ᠰᠣᠨᠢᠷᠬᠠᠪᠠ᠃  ᠦᠳᠡᠰᠢᠯᠡᠭᠡ  ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠪᠡ᠃   ᠦᠳᠡᠰᠢᠯᠡᠭᠡ ᠨᠢ ᠬᠦᠷ ᠬᠥᠭᠵᠢᠶᠡᠨ ᠲᠠᠢ ᠡᠬᠢᠯᠡᠯᠲᠡ ᠶᠢᠨ ᠳᠠᠭᠤᠤ ᠪᠥᠵᠢᠭ ᠢᠶᠠᠷ ︽ᠪᠠᠶᠠᠷ ᠪᠠᠶᠠᠰᠬᠤᠯᠠᠩᠲᠤ ︿ᠨᠡᠷᠡᠨ ᠡᠭᠡᠷ﹀ ᠶᠢᠨ ᠵᠣᠯ ᠵᠢᠷᠭᠠᠯᠲᠤ ᠵᠢᠯ︾ ᠢ ᠰᠢᠲᠠᠭᠠᠵᠤ᠂ ᠲᠣᠭᠯᠠᠭᠴᠢᠳ ᠭᠤᠶᠣᠯᠠᠯ ᠤᠨ ᠬᠤᠪᠴᠠᠰᠤ ᠪᠠᠨ ᠡᠮᠦᠰᠴᠦ᠂ ᠪᠠᠶᠠᠷ ᠪᠠᠶᠠᠰᠬᠤᠯᠠᠩᠲᠤ ᠪᠥᠵᠢᠭ ᠤᠨ ᠠᠯᠬᠤᠭ᠎ᠠ ᠪᠣᠯᠤᠨ ᠰᠡᠳᠬᠢᠯ ᠬᠥᠳᠡᠯᠭᠡᠮ᠎ᠡ ᠳᠠᠭᠤᠤ ᠪᠠᠷ ᠢᠶᠠᠨ ᠰᠢᠨ᠎ᠡ ᠵᠢᠯ ᠤᠨ ᠪᠠᠶᠠᠷ ᠪᠠᠭ᠋ᠠᠳᠤᠯ ᠪᠠ ᠵᠥᠩᠨᠡᠯ ᠢᠶᠠᠨ ᠳᠡᠪᠰᠢᠭᠦᠯᠪᠡ᠃    ᠲᠠᠷᠠᠭ᠎ᠠ ᠨᠢ᠂ ︽ᠳᠤᠮᠳᠠᠳᠤ ᠤᠯᠤᠰ ᠤᠨ ᠪᠠᠶᠠᠷ ᠤᠨ ᠶᠠᠪᠤᠳᠠᠯ︾ ᠨᠢ ᠲᠡᠭᠦᠨ ᠤ ᠪᠠᠶᠠᠷ ᠪᠠᠶᠠᠰᠬᠤᠯᠠᠩᠲᠤ ᠬᠥᠭ ᠠᠶᠠᠰ ᠪᠣᠯᠤᠨ ᠳᠠᠭᠤᠨ ᠤ ᠦᠭᠡ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯᠤᠨ ᠬᠥᠭᠡᠭᠡᠴᠡᠯᠳᠦᠯ ᠢ ᠤᠶᠠᠩᠭᠠᠯᠠᠪᠠ᠃ ᠱᠤᠭ ᠵᠦᠴᠦᠭᠡ ︽ᠠᠷᠭ᠎ᠠ︾ ᠶᠢᠨ ᠲᠣᠭᠯᠠᠭᠴᠢᠳ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠱᠤᠭ ᠶᠦᠮᠦᠷᠯᠢᠭ ᠵᠦᠴᠦᠭᠡ ᠶᠢᠨ ᠦᠢᠯᠡ ᠠᠵᠢᠯᠯᠠᠭ᠎ᠠ ᠳᠤ ᠣᠷᠣᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠪᠠᠭᠠᠴᠤᠳ ᠬᠡᠦᠬᠡᠳ ᠤᠨ ᠪᠥᠵᠢᠭ ︽ᠵᠡᠭᠦᠳᠦ ᠰᠦᠪᠡᠭᠴᠢᠯᠡᠬᠦ︾ ᠨᠢ ᠬᠡᠦᠬᠡᠳ ᠤᠨ ᠪᠥᠵᠢᠭ᠂ ᠬᠦᠰᠡᠯ ᠵᠡᠭᠦᠳᠦ ᠪᠠᠷ ᠭᠤᠣᠯ ᠰᠡᠳᠦᠪ ᠪᠣᠯᠭᠠᠵᠤ᠂ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠴᠤᠭ ᠪᠠᠳᠠᠷᠠᠩᠭᠤᠢ᠂ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃    ᠳᠠᠭᠤᠤ ︽ᠯᠦ ᠬᠤᠸᠠ︾᠂ ᠱᠤᠭ ᠶᠠᠷᠢᠶ᠎ᠠ ︽ᠪᠢ ᠪᠣᠯᠤᠨ᠎ᠠ ᠤᠤ︾᠂ ᠪᠥᠵᠢᠭ ︽ᠥᠩᠭᠡ ᠵᠢᠰᠦ ᠠᠯᠲᠠᠨ ᠥᠩᠭᠡ︾ ᠵᠡᠷᠭᠡ ᠡᠯᠪᠡᠭ ᠪᠠᠶᠠᠯᠢᠭ ᠲᠣᠭᠯᠠᠯᠲᠠ ᠵᠠᠯᠭᠠᠭ᠎ᠠ ᠪᠠᠷ ᠭᠠᠷᠴᠤ ᠢᠷᠡᠪᠡ᠃ ᠦᠵᠡᠭᠴᠢᠳ ᠲᠤ ᠡᠯᠪᠡᠭ ᠪᠠᠶᠠᠯᠢᠭ ᠲᠥᠷᠥᠭᠳᠡᠯ ᠥᠭᠴᠦ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠶ᠃    ᠦᠳᠡᠰᠢᠯᠡᠭᠡ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ ᠭᠡᠬᠦ ᠳᠠᠭᠤᠤ ᠨᠤᠭᠤᠳ ᠲᠤ ᠲᠡᠭᠦᠰ ᠠᠮᠵᠢᠯᠲᠠ ᠲᠠᠢ ᠲᠡᠭᠦᠰᠪᠡ᠃ ᠡᠨᠡ ᠬᠦ ᠳᠠᠭᠤᠤ ᠨᠢ ᠲᠡᠭᠦᠨ ᠤ ᠭᠦᠨ ᠵᠤᠵᠠᠭᠠᠨ ᠬᠥᠭ ᠠᠶᠠᠰ ᠪᠠ ᠳᠠᠭᠤᠨ ᠤ ᠦᠭᠡ ᠪᠠᠷ ᠢᠶᠠᠨ ᠨᠤᠲᠤᠭ ᠤᠰᠤ ᠪᠠᠨ ᠬᠠᠶᠢᠷᠠᠯᠠᠬᠤ ᠪᠠ ᠢᠷᠡᠭᠡᠳᠦᠢ ᠳᠤ ᠰᠠᠶᠢᠨ ᠰᠠᠶᠢᠬᠠᠨ ᠬᠦᠰᠡᠯ ᠵᠥᠩᠨᠡᠯ ᠢᠶᠠᠨ ᠢᠯᠡᠳᠬᠡᠵᠡᠢ᠃    ᠲᠣᠰ ᠤᠳᠠᠭᠠᠨ ᠤ ᠦᠳᠡᠰᠢᠯᠡᠭᠡ ᠨᠢ ᠭᠦᠶᠡᠩ ᠰᠢᠶᠠᠨ ᠤ ᠠᠷᠠᠳ ᠣᠯᠠᠨ ᠳᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠭᠦᠶᠡᠩ ᠰᠢᠶᠠᠨ ᠤ ᠥᠷᠨᠢᠭᠦᠨ ᠬᠥᠭᠵᠢᠯᠲᠡ ᠶᠢᠨ ᠰᠣᠶᠣᠯ ᠤᠨ ᠠᠮᠢᠵᠢᠷᠠᠯ ᠤᠨ ᠬᠦᠴᠦᠨ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠨᠢᠭᠡ ᠵᠢᠯ ᠳᠤ ᠬᠢᠵᠠᠭᠠᠯᠠᠰᠢ ᠥᠬᠡᠶ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号