ᠬᠤᠤᠰ ᠪᠠᠶᠠᠷ ᠤᠨ ᠡᠳᠦᠷ ᠬᠠᠶᠢᠷ᠎ᠠ ᠬᠠᠯᠠᠮᠵᠢ ᠬᠦᠷᠭᠡᠬᠦ - ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠤᠤ ᠪᠠᠯᠭᠠᠰᠤᠨ ᠳᠤ ᠬᠦᠷᠴᠦ ᠦᠭᠡ ᠶᠠᠷᠢᠬᠤ ᠰᠠᠶᠢᠨ ᠳᠤᠷ᠎ᠠ ᠶᠢᠨ ᠠᠵᠢᠯᠯᠠᠭᠴᠢ ᠵᠢᠴᠢ ᠬᠠᠶᠢᠷ᠎ᠠ ᠬᠠᠯᠠᠮᠵᠢ ᠶᠢᠨ ᠡᠵᠢ ᠶᠢᠨ ᠲᠥᠯᠥᠭᠡᠯᠡᠭᠴᠢ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/6
    1 ᠰᠠᠷ᠎ᠠ ᠶᠢᠨ 16 ᠤ ᠡᠳᠦᠷ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠤᠤ ᠵᠢᠩ ᠵᠢᠩ ᠨᠡᠷ ᠶᠢᠨ ᠬᠤᠤ ᠪᠠᠯᠭᠠᠰᠤᠨ ᠳᠤ ᠬᠦᠷᠴᠦ ᠬᠥᠮᠦᠰ ᠤᠨ ᠰᠡᠳᠬᠢᠯ ᠢ ᠳᠤᠯᠠᠭᠠᠴᠠᠭᠤᠯᠬᠤ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠦᠭᠡ ᠶᠠᠷᠢᠶ᠎ᠠ ᠲᠠᠯᠪᠢᠵᠤ ᠰᠠᠶᠢᠨ ᠳᠤᠷᠠᠴᠤᠳ ᠵᠢᠴᠢ ᠬᠠᠶᠢᠷ᠎ᠠ ᠬᠠᠯᠠᠮᠵᠢ ᠶᠢᠨ ᠡᠵᠢ ᠶᠢᠨ ᠲᠥᠯᠥᠭᠡᠯᠡᠭᠴᠢ ᠶᠢᠨ ᠶᠠᠷᠢᠯᠴᠠᠬᠤ ᠬᠤᠷᠠᠯ ᠬᠢᠵᠦ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠬᠠᠯᠠᠮᠵᠢᠯᠠᠯ ᠪᠠ ᠵᠥᠩᠨᠡᠯ ᠳᠡᠪᠰᠢᠭᠦᠯᠵᠦ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠬᠥᠭᠵᠢᠯᠲᠡ ᠪᠠ ᠵᠣᠯ ᠵᠢᠷᠭᠠᠯᠲᠤ ᠠᠮᠢᠳᠤᠷᠠᠯ ᠤᠨ ᠲᠤᠬᠠᠢ ᠶᠠᠷᠢᠶᠠᠨ ᠤ ᠰᠡᠳᠦᠪ ᠢ ᠬᠠᠮᠲᠤᠪᠠᠷ ᠰᠤᠳᠤᠯᠤᠨ ᠶᠠᠷᠢᠯᠴᠠᠪᠠ᠃    ᠠᠵᠢᠯᠯᠠᠭ᠎ᠠ ᠶᠢᠨ ᠡᠬᠢᠨ ᠳᠤ᠂ ᠲᠡᠷᠢᠭᠦᠯᠡᠭᠴᠢ ᠵᠣᠣ ᠵᠢᠩ ᠵᠢᠩ ᠨᠡᠷ ᠡᠩ ᠲᠡᠷᠢᠭᠦᠨ ᠳᠤ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠭᠡᠷ ᠲᠤ ᠬᠦᠷᠴᠦ ᠲᠣᠬᠤᠨᠢᠭᠤᠯᠵᠤ᠂ ᠲᠡᠳᠡᠨ ᠳᠤ ᠠᠮᠢᠳᠤᠷᠠᠯ ᠤᠨ ᠡᠳ᠋ ᠪᠣᠳᠠᠰ ᠵᠢᠴᠢ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠡᠷᠦᠬᠡ ᠪᠦᠷᠢ ᠳᠤ ᠬᠦᠷᠬᠦ ᠪᠤᠯᠭᠠᠨ᠂ ᠵᠤᠤ ᠲᠡᠷᠢᠭᠦᠯᠡᠭᠴᠢ ᠲᠡᠳᠡᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠠᠰᠠᠭᠤᠵᠤ᠂ ᠲᠡᠳᠡᠨ ᠤ ᠪᠠᠶᠠᠰᠤᠩᠭᠤᠢ᠂ ᠠᠮᠢᠳᠤᠷᠠᠯ ᠤᠨ ᠥᠷᠢᠰᠥᠯᠳᠦᠭᠡᠨ ᠢ ᠵᠣᠷᠢᠭᠲᠠᠢ ᠪᠠᠷ ᠤᠭᠲᠤᠬᠤ ᠶᠢ ᠵᠣᠷᠢᠭᠵᠢᠭᠤᠯᠪᠠ᠃ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠲᠥᠷᠬᠦᠮ ᠤᠨ ᠭᠡᠷ ᠪᠦᠯᠢ︾ ᠶᠢᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠦ᠂ ᠪᠠᠰᠠ ᠲᠡᠳᠡᠨ ᠤ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠢ ᠨᠡᠮᠡᠭᠳᠡᠭᠦᠯᠦᠭᠰᠡᠨ ᠪᠠᠶᠢᠨ᠎ᠠ᠃    ᠳᠠᠷᠠᠭ᠎ᠠ ᠨᠢ᠂ ᠶᠢᠨ ᠬᠤᠤ ᠲᠣᠰᠬᠤᠨ ᠤ ᠨᠠᠮ ᠤᠨ ᠬᠤᠷᠢᠶ᠎ᠡ ᠳᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠥᠪᠡᠷ ᠥᠪᠡᠷ ᠤᠨ ᠡᠮᠡᠭᠲᠡᠶᠢᠴᠦᠳ ᠬᠡᠦᠬᠡᠳ᠂ ᠭᠡᠷ ᠪᠦᠯᠢ ᠶᠢᠨ ᠵᠥᠷᠢᠴᠡᠯ ᠢ ᠡᠶᠡᠳᠡᠭᠦᠯᠬᠦ᠂ ᠭᠡᠷ ᠪᠦᠯᠢ ᠶᠢᠨ ᠬᠥᠮᠦᠵᠢᠯ ᠵᠢᠯᠣᠭᠤᠳᠣᠯᠭ᠎ᠠ ᠵᠡᠷᠭᠡ ᠠᠵᠢᠯ ᠤᠨ ᠳᠤᠮᠳᠠᠬᠢ ᠲᠤᠷᠰᠢᠯᠭ᠎ᠠ ᠬᠢᠳᠡᠯ ᠤᠨ ᠲᠣᠭᠤᠷᠢᠨ ᠳᠤ ᠥᠴᠦᠬᠡᠨ ᠴᠦ ᠦᠯᠡᠳᠡᠭᠡᠯ ᠦᠭᠡᠢ ᠪᠠᠷ ᠬᠤᠪᠢᠶᠠᠯᠴᠠᠪᠠ᠃ ᠵᠠᠷᠢᠮ ᠲᠦᠯᠦᠭᠡᠯᠡᠭᠴᠢᠳ ᠬᠡᠯᠡᠬᠦ ᠳᠤ ᠪᠠᠨ᠂ ᠭᠦᠢᠳᠡᠭᠡ ᠲᠣᠰᠬᠤᠨ ᠤ ᠡᠮᠡᠭᠳᠡᠶᠢᠴᠦᠳ ᠤᠨ ᠠᠵᠢᠯ ᠣᠯᠬᠤ ᠠᠷᠭ᠎ᠠ ᠵᠠᠮ ᠨᠠᠷᠢᠰᠴᠤ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠤᠨ ᠲᠣᠬᠢᠶᠠᠯ ᠢᠶᠠᠷ ᠳᠤᠲᠠᠮᠠᠭ ᠪᠠᠶᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠢᠩ ᠵᠢᠩ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ ᠠᠵᠢᠯ ᠤᠨ ᠰᠠᠨᠠᠭᠤᠯᠭ᠎ᠠ ᠳᠤᠷᠠᠳᠪᠠ᠃    ᠢᠷᠡᠭᠡᠳᠦᠢ ᠳᠤ᠂ ᠶᠢᠨ ᠬᠤᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠶᠢᠨ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号