ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠤᠷᠢᠶᠠᠯᠠᠭ᠎ᠠ ᠶᠢ | ᠢᠳᠡᠪᠬᠢᠲᠡᠢ ᠴᠤᠤᠷᠢᠶᠠᠲᠤᠨ ᠳᠠᠭᠠᠵᠤ᠂ ᠡᠮᠡᠭᠲᠡᠶᠢᠴᠦᠳ ᠬᠡᠦᠬᠡᠳ ᠵᠢᠴᠢ ᠭᠡᠷ ᠪᠦᠯᠢ ᠳᠤ ᠰᠡᠳᠬᠢᠯ ᠲᠠᠯᠪᠢᠨ ᠪᠣᠳᠠᠲᠠᠢ | ᠶᠠᠪᠤᠳᠠᠯ ᠬᠢᠵᠦ ᠥᠭᠬᠦ ᠶᠢᠨ ᠲᠥᠯᠥᠭᠡ᠂ 1 ᠰᠠᠷ᠎ᠠ ᠶᠢᠨ 16 ᠤ ᠡᠳᠦᠷ᠂ ᠭᠦᠶᠡᠩ ᠰᠢᠶᠠᠨ ᠤ ᠡᠮᠡᠭᠲᠡᠶᠢᠴᠦᠳ ᠤᠨ | ᠬᠤᠯᠪᠣᠭ᠎ᠠ ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠲᠠᠢ ᠭᠠᠷ ᠬᠤᠯᠪᠣᠨ ︽ᠬᠤᠤᠰ | ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠬᠦ · ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ | ᠭᠦᠢᠴᠡᠳᠬᠡᠭᠴᠢ ᠭᠡᠰᠢᠭᠦᠨ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠬᠠᠶᠢᠷ᠎ᠠ | ᠬᠠᠯᠠᠮᠵᠢ ᠶᠢᠨ ᠡᠵᠢ ᠶᠢᠨ ᠲᠥᠯᠥᠭᠡᠯᠡᠭᠴᠢ︾ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ | ᠲᠤᠯᠭᠠᠷᠠᠭᠰᠠᠨ ᠬᠡᠰᠡᠭ ᠡᠮᠡᠭᠲᠡᠶᠢᠴᠦᠳ ᠤᠨ ᠭᠠᠷ ᠲᠤ ᠬᠦᠷᠭᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ | ᠬᠠᠯᠠᠮᠵᠢᠯᠠᠯ ᠵᠢᠴᠢ ᠡᠮᠡᠭᠲᠡᠶᠢᠴᠦᠳ ᠤᠨ ᠬᠤᠯᠪᠣᠭ᠎ᠠ ᠶᠢᠨ ︽ᠲᠥᠷᠬᠦᠮ ᠤᠨ ᠬᠥᠮᠦᠰ︾ ᠤᠨ ᠬᠠᠶᠢᠷ᠎ᠠ ᠬᠠᠯᠠᠮᠵᠢ ᠶᠢ | ᠬᠦᠷᠭᠡᠪᠡ᠃ ᠪᠠᠯᠭᠠᠰᠤ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷᠴᠤᠳ ᠨᠢᠭᠡ ᠬᠤᠪᠢ ᠬᠠᠶᠢᠷ᠎ᠠ | ᠬᠠᠯᠠᠮᠵᠢ ᠶᠢᠨ ᠡᠳ᠋ ᠪᠣᠳᠠᠰ ᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠭᠠᠷ ᠲᠤ ᠬᠦᠷᠭᠡᠵᠦ᠂ ᠲᠡᠳᠡᠨ ᠤ | ᠠᠮᠢᠳᠤᠷᠠᠯ ᠵᠢᠴᠢ ᠪᠡᠶ᠎ᠡ ᠮᠠᠬᠠᠪᠣᠳ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠲᠡᠳᠡᠨ ᠤ ᠬᠦᠴᠢᠷᠳᠡᠯ ᠪᠠ ᠬᠦᠰᠡᠯ | ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠣᠯᠠᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠢ ᠪᠠᠨ | ᠬᠦᠴᠦᠷᠬᠡᠭᠵᠢᠭᠦᠯᠵᠦ ᠪᠡᠶ᠎ᠡ ᠪᠠᠨ ᠳᠠᠭᠠᠭᠠᠨ᠂ ᠤᠷᠤᠭ ᠭᠡᠷ ᠪᠦᠯᠢ ᠵᠢᠴᠢ ᠠᠮᠢᠳᠤᠷᠠᠯ ᠤᠨ ᠳᠤᠮᠳᠠᠬᠢ ᠬᠦᠴᠢᠷᠳᠡᠯ ᠳᠤ | ᠲᠤᠯᠭᠠᠷᠠᠪᠠᠯ ᠲᠣᠰᠬᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠶᠢᠨ ᠬᠠᠪᠰᠤᠷᠤᠯᠭ᠎ᠠ ᠶᠢ ᠴᠠᠭ | ᠲᠤᠬᠠᠢ ᠳᠤᠨᠢ ᠡᠷᠢᠯᠬᠢᠯᠡᠬᠦ ᠶᠢ ᠵᠣᠷᠢᠭᠵᠢᠭᠤᠯᠪᠠ᠃ | ᠲᠣᠬᠤᠨᠢᠭᠤᠯᠭ᠎ᠠ ᠳᠠᠭᠤᠰᠤᠭᠰᠠᠨ ᠤ ᠳᠠᠷᠠᠭ᠎ᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ | ᠵᠣᠣ ᠵᠢᠩ ᠵᠢᠩ ᠬᠤᠸᠠᠢ ᠱᠦᠸᠧ ᠪᠠᠯᠭᠠᠰᠤᠨ ᠤ 2024 ᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ | ᠪᠠᠶᠢᠳᠠᠯ ᠢ ᠰᠣᠨᠣᠰᠤᠭᠰᠠᠨ ᠪᠥᠭᠡᠳ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠢᠴᠢ ᠡᠮᠡᠭᠲᠡᠶᠢᠴᠦᠳ ᠤᠨ | ᠰᠠᠶᠢᠨ ᠳᠤᠷ᠎ᠠ ᠶᠢᠨ ᠦᠢᠯᠡᠴᠢᠯᠡᠭᠴᠢᠳ ᠲᠠᠢ ᠶᠠᠷᠢᠯᠴᠠᠬᠤ ᠬᠤᠷᠠᠯ ᠤᠨ ᠬᠡᠯᠪᠡᠷᠢ ᠪᠠᠷ ᠲᠡᠳᠡᠨ ᠤ ᠠᠵᠢᠯ ᠤᠨ ᠳᠤᠮᠳᠠ | ᠣᠯᠤᠭᠰᠠᠨ ᠦᠷ᠎ᠡ ᠪᠦᠲᠦᠭᠡᠯ ᠪᠠ ᠲᠥᠷᠥᠭᠳᠡᠯ ᠵᠢᠴᠢ ᠲᠤᠯᠭᠠᠷᠠᠭᠰᠠᠨ ᠬᠦᠴᠢᠷᠳᠡᠯ ᠪᠠ ᠬᠦᠴᠢᠷ ᠠᠰᠠᠭᠤᠳᠠᠯ ᠢ | ᠰᠣᠨᠣᠰᠪᠠ᠃ ᠵᠤᠤ ᠲᠡᠷᠢᠭᠦᠯᠡᠭᠴᠢ ᠢᠯᠡᠷᠬᠡᠶᠢᠯᠡᠭᠰᠡᠨ ᠨᠢ᠂ ᠣᠯᠠᠨ ᠢᠶᠠᠷ ᠢᠶᠠᠨ ᠲᠣᠰᠬᠤᠨ ᠤ ᠳᠣᠲᠣᠷᠠᠬᠢ ᠤᠷᠤᠭ ᠭᠡᠷ | ᠪᠦᠯᠢ ᠶᠢᠨ ᠵᠥᠷᠢᠴᠡᠯ ᠢ ᠴᠠᠭ ᠲᠤᠬᠠᠢ ᠳᠤᠨᠢ ᠡᠵᠡᠮᠰᠢᠨ ᠳᠡᠭᠡᠭᠰᠢ ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ︔ | ᠡᠪᠦᠯ ᠤᠨ ᠠᠮᠠᠷᠠᠯᠲᠠ ᠶᠢ ᠠᠰᠢᠭᠯᠠᠨ ᠬᠡᠦᠬᠡᠳ ᠢ ᠵᠣᠬᠢᠶᠠᠨ ᠪᠠᠶᠢᠭᠤᠯᠵᠤ ᠨᠣᠮ ᠤᠩᠰᠢᠬᠤ ᠵᠡᠷᠭᠡ ᠤᠷᠠᠨ | ᠰᠠᠶᠢᠬᠠᠨ ᠤ ᠠᠵᠢᠯᠯᠠᠭ᠎ᠠ ᠥᠷᠨᠢᠭᠦᠯᠬᠦ ᠬᠡᠷᠡᠭᠲᠡᠢ︔ ︽ᠬᠤᠶᠠᠷ ᠥᠮᠡᠨ︾ ᠢ ᠠᠪᠤᠷᠠᠨ ᠲᠤᠰᠠᠯᠠᠬᠤ᠂ ᠰᠢᠭᠰᠢᠨ | ᠪᠠᠶᠢᠴᠠᠭᠠᠬᠤ᠂ ᠤᠬᠠᠭᠤᠯᠬᠤ ᠠᠵᠢᠯ ᠢ ᠭᠦᠨᠵᠡᠭᠡᠢ ᠪᠥᠭᠡᠳ ᠪᠣᠳᠠᠲᠠᠢ ᠬᠢᠬᠦ ᠬᠡᠷᠡᠭᠲᠡᠢ︔ ᠤᠯᠠᠮᠵᠢᠯᠠᠬᠤ ᠬᠠᠪᠰᠤᠷᠬᠤ | ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠣᠯᠠᠨ ᠵᠠᠯᠠᠭᠤ ᠰᠠᠶᠢᠨ ᠳᠤᠷ᠎ᠠ ᠶᠢᠨ | ᠦᠢᠯᠡᠴᠢᠯᠡᠭᠴᠢᠳ ᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠣᠷᠣᠭᠤᠯᠵᠤ᠂ ᠣᠯᠠᠨ | ᠲᠦᠮᠡᠨ ᠤ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ︽ᠰᠡᠳᠬᠢᠯ ᠤᠨ ᠶᠡᠭᠡ ᠶᠠᠪᠤᠳᠠᠯ︾ ᠪᠣᠯᠭᠠᠨ ᠬᠠᠪᠰᠤᠷᠤᠨ | ᠰᠢᠢᠳᠪᠦᠷᠢᠯᠡᠵᠦ ᠥᠭᠭᠦᠨ᠎ᠡ ᠭᠡᠵᠡᠢ᠃ | ᠳᠠᠷᠠᠭᠠᠴᠢ ᠶᠢᠨ ᠠᠯᠬᠤᠮ ᠳᠤ᠂ ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ | ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠬᠡᠦᠬᠡᠳ ᠢ ᠦᠷᠭᠦᠯᠵᠢᠯᠡᠨ ᠠᠩᠬᠠᠷᠴᠤ᠂ ᠬᠠᠯᠠᠮᠵᠢᠯᠠᠨ ᠬᠠᠶᠢᠷᠠᠯᠠᠵᠤ | ᠬᠠᠪᠰᠤᠷᠤᠨ ᠲᠡᠳᠬᠦᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠴᠢᠨᠠᠭᠰᠢᠳᠠ ᠪᠠᠶᠢᠭᠤᠯᠤᠨ | ᠪᠦᠷᠢᠨᠰᠢᠭᠦᠯᠵᠦ᠂ ᠣᠯᠠᠨ ᠲᠠᠯ᠎ᠠ ᠶᠢᠨ ᠡᠬᠢ ᠪᠠᠶᠠᠯᠢᠭ ᠢ ᠨᠶᠬᠡᠳᠬᠡᠵᠦ᠂ ᠣᠯᠠᠨ ᠲᠠᠯ᠎ᠠ ᠶᠢᠨ ᠬᠦᠴᠦᠨ ᠢ | ᠨᠢᠭᠲᠠᠷᠠᠭᠤᠯᠵᠤ᠂ ᠬᠠᠶᠢᠷ᠎ᠠ ᠬᠠᠯᠠᠮᠵᠢ ᠶᠢᠨ ᠲᠠᠪᠴᠠᠩ ᠢ ᠬᠠᠮᠲᠤᠪᠠᠷ ᠪᠠᠶᠢᠭᠤᠯᠤᠨ᠎ᠠ᠃ ᠬᠦᠴᠢᠷᠳᠡᠯ ᠳᠤ ᠲᠤᠯᠭᠠᠷᠠᠭᠰᠠᠨ | ᠡᠮᠡᠭᠲᠡᠶᠢᠴᠦᠳ ᠬᠡᠦᠬᠡᠳ ᠲᠤ ᠦᠨᠡᠨ ᠰᠡᠳᠬᠢᠯ ᠠᠴᠠ ᠪᠠᠨ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠦᠴᠢᠷᠳᠡᠯ ᠲᠠᠢ ᠣᠷᠴᠢᠨ ᠳᠤ ᠦᠭᠡ ᠳᠠᠭᠤᠨ ᠦᠭᠡᠢ ᠪᠠᠷ | ᠪᠠᠷᠢᠮᠲᠠᠯᠠᠭᠰᠠᠨ ᠪᠠ ᠭᠠᠷᠭᠠᠭᠰᠠᠨ ᠡᠮᠡᠭᠲᠡᠶᠢᠴᠦᠳ ᠲᠤ ︽ᠲᠥᠷᠬᠦᠮ ᠤᠨ ᠬᠥᠮᠦᠰ︾ ᠤᠨ ᠬᠠᠶᠢᠷ᠎ᠠ ᠬᠠᠯᠠᠮᠵᠢ ᠪᠠ | ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠨ᠎ᠡ᠃ | |