ᠴᠠᠭᠠᠨ ᠰᠠᠷ᠎ᠠ ᠳᠤ ᠴᠤ ᠠᠵᠢᠯ ᠤᠨ ᠪᠠᠶᠢᠷᠢ ᠳᠠᠭᠠᠨ ᠪᠠᠶᠢᠬᠤ ᠠᠷᠢᠭᠤᠨ ᠴᠡᠪᠡᠷ ᠤᠨ ᠠᠵᠢᠯᠴᠢᠳ᠂ ᠴᠡᠪᠡᠷ ᠴᠡᠮᠴᠡᠭᠡᠷ ︽ᠴᠠᠭᠠᠨ ᠰᠠᠷ᠎ᠠ︾ ᠶᠢ ᠪᠠᠲᠤᠯᠠᠪᠠ
ᠨᠡᠶᠢᠲᠡᠯᠡᠭᠰᠡᠨ ᠴᠠᠭ᠄
2025/2/6
     ᠭᠦᠶᠡᠩ ᠰᠢᠶᠠᠨ ᠤ ᠰᠠᠭᠤᠭᠠᠯᠢ ᠠᠷᠠᠳ ᠨᠠᠶᠢᠵᠠ ᠨᠠᠷ ᠤᠨ ᠴᠠᠭᠠᠨ ᠰᠠᠷ᠎ᠠ ᠪᠠᠨ ᠠᠷᠢᠭᠤᠨ ᠴᠡᠪᠡᠷ ᠥᠯᠵᠡᠢ ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠭᠦᠶᠡᠩ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠥᠪᠡᠷ ᠤᠨ ᠠᠵᠢᠯ ᠤᠨ ᠪᠠᠶᠢᠷᠢ ᠪᠠᠨ ᠢᠮᠠᠭᠲᠠ ᠪᠠᠲᠤ ᠰᠠᠬᠢᠵᠤ᠂ ᠰᠢᠶᠠᠨ ᠤ ᠬᠤᠲᠠ ᠶᠢᠨ ᠶᠡᠭᠡ ᠵᠡᠭᠡᠯᠢ ᠪᠠᠭ᠎ᠠ ᠭᠤᠳᠤᠮᠵᠢ ᠪᠠᠷ ᠲᠡᠮᠡᠦᠯᠦᠨ᠎ᠡ᠃ ᠴᠠᠭᠠᠨ ᠰᠠᠷ᠎ᠠ ᠶᠢᠨ ᠪᠠᠶᠠᠷ ᠢ ᠨᠡᠩ ᠴᠡᠪᠡᠷ ᠠᠷᠢᠭᠤᠨ ᠪᠣᠯᠭᠠᠨ᠎ᠠ᠃ ᠵᠠᠮ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠬᠤ ᠠᠵᠢᠯ ᠢ ᠵᠢᠷᠤᠮᠵᠢᠭᠤᠯᠵᠤ᠂ ᠨᠡᠶᠢᠲᠡ ᠶᠢᠨ ᠵᠣᠷᠯᠣᠩ ᠢ ᠬᠠᠮᠠᠭᠠᠯᠠᠨ ᠬᠠᠮᠢᠶᠠᠷᠬᠤ ᠶᠢ ᠴᠢᠩᠭᠠᠳᠬᠠᠨ᠎ᠠ᠃ ᠡᠨᠡ ᠪᠣᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ︽ᠰᠢᠨ᠎ᠡ ᠣᠨ︾ ᠪᠣᠯᠤᠨ᠎ᠠ᠃ ᠠᠳᠡ ᠪᠢᠳᠡ ᠪᠠᠰᠠ ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠥᠳᠡᠯᠮᠦᠷᠢ ᠶᠢᠨ ᠦᠷ᠎ᠡ ᠪᠦᠲᠦᠭᠡᠯ ᠢ ᠬᠦᠨᠳᠦᠳᠬᠡᠵᠦ᠂ ᠴᠠᠭᠠᠨ ᠰᠠᠷ᠎ᠠ ᠪᠠᠨ ᠪᠠᠶᠠᠷ ᠬᠦᠷ ᠲᠠᠢ ᠥᠩᠭᠡᠷᠡᠭᠦᠯᠬᠦ ᠳᠡᠭᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠢᠯᠡᠭᠦᠬᠡᠨ ᠠᠩᠬᠠᠷᠴᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠨᠢᠭᠡ ᠤᠳᠠᠭ᠎ᠠ ᠳᠤᠲᠠᠭᠤ ᠪᠦᠬᠦᠶᠢᠯᠭᠡᠵᠦ᠂ ᠨᠢᠭᠡ ᠮᠥᠴᠡ ᠢᠯᠡᠭᠦᠦ ᠠᠮᠠᠷᠠᠭᠤᠯᠵᠤ᠂ ᠪᠢᠳᠡ ᠬᠠᠮᠲᠤ ᠪᠠᠷ ᠣᠷᠣᠰᠢᠨ ᠰᠠᠭᠤᠬᠤ ᠳᠤ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠭᠦᠶᠡᠩ ᠢ ᠴᠣᠭᠴᠠᠯᠠᠶ᠎ᠠ ᠭᠡᠵᠦ ᠤᠷᠢᠶᠠᠯᠠᠪᠠ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号