1 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤᠷᠢᠳ ᠬᠤᠵᠢᠳ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠤ᠂ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠰᠢᠶᠠᠨ ᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠮᠡᠳᠡᠭᠦᠯᠦᠯᠲᠡ ᠶᠢᠨ | ᠲᠢᠩᠬᠢᠮ ᠳᠤ ᠲᠡᠭᠦᠰᠪᠡ᠃ | ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠬᠤᠶᠠᠳᠤᠭᠠᠷ ᠤᠳᠠᠭᠠᠨ ᠤ ᠬᠤᠷᠠᠯ ︵ᠰᠣᠩᠭᠤᠭᠤᠯᠢ ᠶᠢᠨ ᠶᠡᠭᠡ ᠬᠤᠷᠠᠯ︶ ᠬᠢᠪᠠ᠃ | ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᠾᠦᠢ ᠬᠤᠷᠠᠯ ᠡᠷᠬᠢᠯᠡᠪᠡ᠃ | ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠳᠥᠷᠪᠡᠳᠦᠭᠡᠷ ᠬᠤᠷᠠᠯ ᠤᠨ ᠰᠣᠩᠭᠤᠭᠤᠯᠢ ᠶᠢᠨ ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠪᠢᠯᠧᠲ | ᠬᠢᠨᠠᠭᠴᠢ ᠶᠢᠨ ᠨᠡᠷᠡᠰ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠨᠥᠬᠦᠨ ᠰᠣᠩᠭᠤᠬᠤ ᠬᠡᠷᠡᠭᠲᠡᠢ᠃ | ᠬᠤᠷᠠᠯ ᠠᠴᠠ ᠸᠠᠩ ᠷᠦᠢ ᠹᠧᠩ ᠢ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠪᠠ︔ ᠸᠠᠩ ᠵᠢᠶᠠ ᠰᠢᠨ ᠢ ᠤᠯᠤᠰ | ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠭᠡᠰᠢᠭᠦᠨ ᠢᠶᠠᠷ ᠰᠣᠩᠭᠤᠪᠠ᠃ | 17 ᠴᠠᠭ 30 ᠮᠢᠨᠦ᠋ᠲ ᠲᠤ᠂ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠭᠤᠷᠪᠠᠳᠤᠭᠠᠷ ᠪᠦᠭᠦᠳᠡ ᠬᠤᠷᠠᠯ ︵ᠲᠡᠭᠦᠰᠬᠦ ᠶᠡᠭᠡ | ᠬᠤᠷᠠᠯ︶ ᠬᠢᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠷᠠᠯ ᠳᠤ ᠣᠷᠣᠯᠴᠠᠵᠤ ᠪᠠᠶᠠᠷ ᠬᠦᠷᠭᠡᠪᠡ᠃ | ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠽᠧᠩ ᠬᠤᠩ ᠪᠢᠨ᠂ ᠳᠡᠳ᠋ ᠲᠡᠷᠢᠭᠦᠯᠡᠭᠴᠢ ᠵᠢᠶᠠ | ᠬᠤᠢ᠂ ᠶᠢᠨ ᠢᠦᠢ᠂ ᠵᠠᠩ ᠬᠠᠢ ᠵᠢᠶᠦ᠋ᠨ᠂ ᠸᠠᠩ ᠮᠣᠤ ᠶᠦᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ᠂ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠳᠠᠷᠤᠭ᠎ᠠ ᠾᠧᠦ ᠶᠥᠩ ᠹᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠱᠢ ᠮᠢᠩ ᠵᠢᠴᠢ | ᠭᠡᠷ ᠲᠡᠭᠡᠨ ᠪᠠᠶᠢᠭ᠎ᠠ ᠪᠤᠰᠤᠳ ᠰᠢᠶᠠᠨ ᠤ ᠱᠠᠲᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ | ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠽᠧᠩ ᠬᠤᠩ ᠪᠢᠨ ᠬᠤᠷᠠᠯ ᠢ ᠡᠷᠬᠢᠯᠡᠪᠡ᠃ | ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 159 ᠬᠥᠮᠦᠨ᠂ ᠪᠣᠳᠠᠲᠠᠢ ᠣᠷᠣᠯᠴᠠᠭᠰᠠᠨ ᠨᠢ 140 | ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃ | ᠬᠤᠷᠠᠯᠳᠤᠭᠠᠨ ᠠᠴᠠ ᠤᠯᠤᠰ ᠲᠥᠷᠥ ᠶᠢᠨ ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ | ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ᠂ ᠤᠯᠤᠰ ᠲᠥᠷᠥ ᠶᠢᠨ | ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ | ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠭᠠᠰᠢᠬᠢ | ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠤᠰ ᠲᠥᠷᠥ ᠶᠢᠨ | ᠵᠥᠪᠯᠡᠯᠭᠡᠨ ᠤ ᠭᠦᠶᠡᠩ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠰᠠᠨᠠᠯ ᠳᠤᠷᠠᠳᠤᠯᠭ᠎ᠠ ᠪᠠ ᠰᠣᠶᠣᠯ | ᠲᠡᠦᠬᠡ ᠶᠢᠨ ᠵᠥᠪᠯᠡᠯ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ | ᠵᠥᠪᠯᠡᠪᠡ᠃ | ᠽᠧᠩ ᠬᠤᠩ ᠪᠢᠨ᠂ ᠡᠨᠡ ᠤᠳᠠᠭ᠎ᠠ ᠶᠢᠨ ᠬᠤᠷᠠᠯ ᠪᠣᠯ ᠪᠥᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠢᠷᠡᠭᠡᠳᠦᠢ ᠶᠢᠨ ᠬᠥᠭᠵᠢᠯᠲᠡ ᠶᠢ ᠲᠥᠯᠥᠪᠵᠢᠭᠦᠯᠬᠦ ᠵᠠᠩᠭᠢᠯᠠᠭ᠎ᠠ ᠶᠢᠨ ᠴᠡᠭ ᠳᠡᠭᠡᠷ᠎ᠡ | ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ᠂ | ᠬᠤᠷᠠᠯ ᠳᠤ ᠣᠷᠣᠯᠴᠠᠭᠰᠠᠨ ᠭᠡᠰᠢᠭᠦᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠣᠯᠤᠨ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠶᠠᠷᠢᠯᠴᠠᠵᠤ᠂ ᠰᠠᠨᠠᠯ ᠳᠤᠷᠠᠳᠤᠯᠭ᠎ᠠ | ᠳᠡᠪᠰᠢᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠲᠤᠰᠬᠠᠬᠤ᠂ ᠳᠤᠭᠤᠶᠢᠯᠠᠩ | ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠠᠰᠢ ᠣᠯᠠᠨ ᠮᠠᠰᠢ ᠰᠠᠶᠢᠨ ᠰᠠᠨᠠᠯ ᠰᠠᠨᠠᠭᠤᠯᠭ᠎ᠠ | ᠳᠤᠷᠠᠳᠴᠠᠢ᠃ ᠭᠡᠰᠢᠭᠦᠳ ᠤᠨ ᠰᠠᠨᠠᠯ ᠰᠠᠨᠠᠭᠤᠯᠭ᠎ᠠ ᠨᠢ ᠬᠥᠭᠵᠢᠯᠲᠡ ᠶᠢᠨ ᠪᠠᠶᠢᠳᠠᠯ ᠲᠠᠢ ᠨᠢᠭᠲᠠ ᠤᠶᠠᠯᠳᠤᠭᠤᠯᠤᠨ᠂ | ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠶᠡᠭᠡ ᠲᠠᠯ᠎ᠠ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ ᠲᠥᠯᠥᠭᠡ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠪᠠ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠵᠦ᠂ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠥᠪᠡᠷᠮᠢᠴᠡ ᠳᠠᠪᠠᠭᠤᠯᠢᠭ ᠪᠠ ᠥᠷᠨᠢᠭᠦᠨ | ᠪᠠᠳᠠᠷᠠᠩᠭᠤᠢ ᠠᠮᠢᠵᠢᠷᠠᠯ ᠤᠨ ᠬᠦᠴᠦᠨ ᠢ ᠠᠮᠢᠳᠤᠯᠢᠭ ᠢᠶᠠᠷ ᠢᠯᠡᠷᠡᠭᠦᠯᠪᠡ᠃ | ᠽᠧᠩ ᠬᠤᠩ ᠪᠢᠨ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠪᠣᠯ ᠪᠥᠬᠦ ᠰᠢᠶᠠᠨ ᠢᠶᠠᠷ ᠢᠶᠠᠨ | ᠲᠣᠭᠲᠠᠭᠤᠨ ᠢᠶᠠᠷ ᠲᠠᠪᠰᠢᠬᠤ᠂ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠣᠯᠬᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠨᠢᠭᠡ ᠵᠢᠯ ᠪᠣᠯᠤᠨ᠎ᠠ᠃ ᠰᠢᠶᠠᠨ ᠤ ᠨᠠᠮ ᠤᠨ ᠬᠤᠷᠢᠶ᠎ᠡ ᠪᠥᠬᠦ | ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠬᠠᠷᠢᠭᠤᠯᠬᠤ | ᠰᠡᠳᠬᠢᠬᠦᠢ︾ ᠪᠠᠷ ︽ᠵᠠᠩᠭᠢᠯᠠᠭ᠎ᠠ ᠶᠢᠨ ᠬᠤᠪᠢᠰᠤᠭᠴᠢ︾ ᠶᠢ ᠬᠥᠭᠵᠢᠭᠡᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠥᠳᠡᠯᠭᠡᠭᠦᠷ ᠢ ᠬᠥᠭᠵᠢᠭᠡᠵᠦ᠂ ᠨᠢᠭᠡ ᠬᠤᠪᠢ ᠳᠠᠷᠤᠨ ᠤᠷᠤᠭᠰᠢᠯᠠᠭᠰᠠᠨ᠂ ᠲᠤᠭ᠎ᠠ ᠬᠡᠮᠵᠢᠶ᠎ᠡ ᠪᠠ | ᠶᠠᠰᠤ ᠴᠢᠨᠠᠷ ᠵᠡᠷᠭᠡ ᠪᠠᠷ ᠳᠡᠭᠡᠭᠰᠢᠯᠡᠭᠰᠡᠨ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠪᠥᠬᠦ | ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠭᠤᠷᠪᠠᠨ | ᠵᠢᠯ ᠳᠠᠷᠠᠭᠠᠯᠠᠨ ᠵᠢᠯ ᠪᠦᠷᠢ ᠳᠤᠮᠳᠠᠴᠢ ᠪᠠᠷ 30 ᠳ᠋ᠦᠩᠰᠢᠭᠤᠷ ᠲᠥᠭᠦᠷᠢᠭ ᠨᠡᠮᠡᠭᠳᠡᠭᠰᠡᠨ ᠰᠠᠭᠤᠷᠢᠨ ᠳᠡᠭᠡᠷ᠎ᠡ᠂ | ᠨᠢᠳᠤᠨᠤᠨ 300 ᠳ᠋ᠦᠩᠰᠢᠭᠤᠷ ᠲᠥᠭᠦᠷᠢᠭ ᠢ ᠳᠠᠪᠠᠵᠤ᠂ ᠴᠢᠨᠠᠷ ᠰᠠᠶᠢᠲᠠᠢ ᠬᠥᠭᠵᠢᠯᠲᠡ ᠲᠠᠰᠤᠷᠠᠯᠲᠠ ᠥᠬᠡᠶ ᠰᠢᠨ᠎ᠡ | ᠦᠷ᠎ᠡ ᠪᠦᠲᠦᠮᠵᠢ ᠣᠯᠵᠤ᠂ ᠰᠢᠨ᠎ᠡ ᠳᠠᠪᠰᠢᠯᠲᠠ ᠶᠢ ᠪᠡᠶᠡᠯᠡᠭᠦᠯᠵᠦ᠂ ᠪᠢᠳᠡᠨ ᠢ ᠲᠦᠢᠯ ᠢᠶᠠᠷ ᠤᠷᠮᠠᠰᠢᠭᠤᠯᠤᠨ᠂ | ᠤᠷᠤᠭᠰᠢᠯᠠᠯᠲᠠ ᠶᠢᠨ ᠴᠢᠭᠯᠡᠯ ᠢ ᠨᠡᠩ ᠲᠣᠳᠣᠷᠬᠠᠢ ᠪᠣᠯᠭᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠯᠬᠤᠮ ᠢ | ᠨᠡᠩ ᠪᠠᠲᠤ ᠪᠠᠬᠢ ᠪᠣᠯᠭᠠᠪᠠ᠃ | ᠽᠧᠩ ᠬᠤᠩ ᠪᠢᠨ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠥᠯᠥᠪᠵᠢᠭᠦᠯᠬᠦ ᠵᠢᠯ ᠪᠣᠯᠤᠨ᠎ᠠ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠲᠡᠦᠬᠡ ᠶᠢᠨ | ᠵᠠᠩᠭᠢᠯᠠᠭ᠎ᠠ ᠶᠢᠨ ᠴᠡᠭ ᠲᠤ ᠵᠣᠭᠰᠣᠵᠤ᠂ ᠳᠠᠷᠤᠯᠲᠠ ᠨᠡᠩ ᠶᠡᠭᠡ ᠬᠥᠳᠡᠯᠭᠡᠬᠦ ᠬᠦᠴᠦᠨ ᠲᠠᠢ ᠶᠤᠮ᠂ ᠥᠷᠢᠰᠥᠯᠳᠦᠭᠡᠨ | ᠨᠡᠩ ᠰᠠᠶᠢᠨ ᠠᠵᠠ ᠲᠣᠬᠢᠶᠠᠯ ᠲᠠᠢ ᠶᠤᠮ᠂ ᠪᠥᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠴᠥᠬᠦᠷᠡᠰᠢ ᠦᠭᠡᠢ ᠲᠡᠮᠡᠴᠡᠬᠦ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠣᠯᠠᠨ ᠤ | ᠣᠶᠤᠨ ᠤᠬᠠᠭᠠᠨ ᠢ ᠲᠥᠪᠯᠡᠷᠡᠭᠦᠯᠵᠦ᠂ ᠢᠳᠡᠪᠬᠢᠲᠡᠢ ᠣᠷᠣᠯᠴᠠᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠰᠢᠶᠠᠨ ᠤ | ᠤᠯᠤᠰ ᠲᠥᠷᠥ ᠶᠢᠨ ᠵᠥᠪᠯᠡᠯᠭᠡᠨ ᠪᠣᠯᠤᠨ ᠪᠦᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ | ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 | ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠰᠦᠨ ᠱᠤᠤ ᠴᠧᠩ ᠱᠦᠵᠢ᠂ ᠬᠤᠲᠠ ᠶᠢᠨ ᠨᠠᠮ ᠤᠨ | ᠬᠤᠷᠢᠶ᠎ᠡ ᠶᠢᠨ ᠳ᠋ᠢᠩ ᠰᠢᠤ ᠹᠧᠩ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠶᠠᠨ ᠤ ᠨᠠᠮ ᠤᠨ ᠬᠤᠷᠢᠶ᠎ᠡ ᠶᠢᠨ ᠭᠤᠣᠯ ᠠᠵᠢᠯ ᠲᠠᠢ | ᠨᠢᠭᠲᠠ ᠤᠶᠠᠯᠳᠤᠭᠤᠯᠵᠤ᠂ ᠪᠥᠬᠦ ᠰᠢᠶᠠᠨ ᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠣᠪᠣᠷ ᠪᠠᠶᠢᠳᠠᠯ᠂ ᠥᠷᠯᠥᠭᠡ ᠦᠳᠡᠰᠢ ᠶᠢ ᠲᠡᠮᠡᠴᠡᠬᠦ ᠪᠠᠶᠢᠳᠠᠯ ᠢᠶᠠᠨ | ᠪᠠᠳᠠᠷᠠᠭᠤᠯᠵᠤ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠷᠭ᠎ᠠ ᠤᠬᠠᠭᠠᠨ ᠭᠠᠷᠭᠠᠨ ᠵᠠᠰᠠᠭ ᠲᠤ | ᠲᠤᠰᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠥᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠬᠦᠴᠦᠯᠡᠨ ᠴᠢᠷᠮᠠᠶᠢᠵᠤ | ᠂ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠤᠯᠤᠰ ᠲᠥᠷᠥ ᠶᠢᠨ ᠵᠥᠪᠯᠡᠯᠭᠡᠨ ᠤ ᠲᠥᠰᠦᠯ ᠢ | ᠬᠠᠩᠭᠠᠬᠤ ᠬᠡᠷᠡᠭᠲᠡᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ | ᠲᠡᠭᠦᠰᠪᠡ᠃ | |