ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2025/2/6
    ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠪᠤᠳᠤᠭᠠᠷ ᠤᠳᠠᠭᠠᠨ ᠤ ᠬᠤᠷᠠᠯ ᠲᠡᠭᠦᠰᠪᠡ    ᠶᠣᠣ ᠵᠢᠶᠦ᠋ᠨ ᠵᠢᠶᠧ ᠯᠢᠦ ᠱᠢ ᠮᠢᠩ ᠬᠤᠷᠠᠯ ᠡᠷᠬᠢᠯᠡᠪᠡ    ᠯᠢᠦ ᠱᠢ ᠮᠢᠩ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠪᠠ    1 ᠰᠠᠷ᠎ᠠ ᠶᠢᠨ 24 ᠤ ᠡᠳᠦᠷ᠂ ᠭᠦᠶᠡᠩ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤᠷᠢᠳ ᠬᠤᠵᠢᠳ ᠬᠤᠶᠠᠳᠤᠭᠠᠷ᠂ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ᠶᠡᠭᠡ ᠬᠤᠷᠠᠯ ᠤᠨ ᠨᠢᠭᠡᠨᠲᠡ ᠲᠣᠭᠲᠠᠭᠠᠭᠰᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠦᠶᠡᠩ ᠰᠢᠶᠠᠨ ᠤ ᠰᠣᠶᠣᠯ ᠤᠷᠠᠯᠢᠭ ᠤᠨ ᠲᠥᠪ ᠲᠤ ᠲᠡᠭᠦᠰᠪᠡ᠃    ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠣᠣ ᠵᠢᠶᠦ᠋ᠨ ᠵᠢᠶᠧ᠂ ᠾᠧᠦ ᠶᠥᠩ ᠹᠧᠩ᠂ ᠯᠢᠦ ᠱᠢ ᠮᠢᠩ᠂ ᠽᠧᠩ ᠬᠤᠩ ᠪᠢᠨ᠂ ᠭᠦᠸᠧ ᠵᠢᠶᠠᠨ ᠭᠤᠸᠠᠩ᠂ ᠸᠠᠩ ᠰᠢᠶᠠᠩ ᠯᠢᠨ᠂ ᠽᠧᠩ ᠪᠦᠸᠧ᠂ ᠸᠠᠩ ᠰᠢᠩ ᠬᠤᠩ ᠂ ᠦ᠋ ᠵᠧᠨ ᠭᠦᠸᠧ᠂ ᠰᠢᠦᠢ ᠬᠤᠤ ᠯᠦᠩ᠂ ᠯᠢ ᠬᠠᠢ ᠯᠢᠨ᠂ ᠯᠢ ᠯᠢᠩ ᠪᠢᠨ᠂ ᠵᠤᠤ ᠵᠢᠩ ᠵᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃    ᠵᠠᠩ ᠵᠢᠶᠠᠨ ᠭᠦᠸᠧ᠂ ᠯᠢᠦ ᠰᠢᠶᠣᠤ ᠮᠢᠨ᠂ ᠾᠧᠦ ᠵᠢᠶᠦ᠋ᠨ᠂ ᠴᠢᠨ ᠫᠧᠩ ᠶᠤᠸᠠᠨ᠂ ᠾᠧ ᡁᠢ ᠶᠥᠩ᠂ ᠷᠧᠨ ᠬᠤᠢ᠂ ᠸᠠᠩ ᠪᠦᠸᠧ᠂ ᠯᠢ ᠬᠤᠤ ᠶᠠᠩ᠂ ᠵᠠᠩ ᠰᠢᠶᠣᠤ ᠹᠧᠢ᠂ ᠮᠢᠶᠣᠣ ᠬᠤᠢ ᠼᠦᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠸᠠᠩ ᠬᠤᠤ᠂ ᠵᠢᠶᠠ ᠶᠥᠩ ᠪᠢᠶᠣᠤ᠂ ᠯᠢ ᠷᠦᠢ᠂ ᠵᠤᠤ ᠯᠧᠢ᠂ ᠭᠤᠤ ᠵᠢᠶᠦ᠋ᠨ᠂ ᠱᠧᠨ ᠢᠦᠢ ᠴᠢᠦ᠂ ᠯᠢᠦ ᠶᠢᠩ ᠰᠢᠦᠢ᠂ ᠶᠠᠩ ᠵᠢᠶᠦ᠋ᠨ ᠹᠧᠩ᠂ ᠭᠤᠸᠠᠨ ᠲᠤᠤ᠂ ᠯᠢᠦ ᠢᠦᠢ᠂ ᠴᠢ ᡁᠢ ᠯᠢᠶᠠᠩ᠂ ᠾᠧ ᠬᠠᠨ ᠪᠢᠩ᠂ ᠵᠤᠤ ᠵᠢᠶᠠᠨ ᠵᠢᠶᠦ᠋ᠨ ᠪᠤᠢ᠃ ᠶᠣᠣ ᠵᠢᠶᠦ᠋ᠨ ᠵᠢᠶᠧ᠂ ᠯᠢᠦ ᠱᠢ ᠮᠢᠩ ᠲᠤᠰ ᠲᠤᠰ ᠪᠦᠭᠦᠳᠡ ᠬᠤᠷᠠᠯ ᠢ ᠡᠷᠬᠢᠯᠡᠪᠡ᠃    ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 186 ᠬᠥᠮᠦᠨ᠂ ᠬᠤᠷᠠᠯ ᠳᠤ ᠪᠣᠳᠠᠲᠠᠢ ᠣᠷᠣᠯᠴᠠᠭᠰᠠᠨ ᠲᠥᠯᠥᠭᠡᠯᠡᠭᠴᠢ 170 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠪᠡ᠃    ᠶᠡᠭᠡ ᠬᠤᠷᠠᠯ ᠠᠴᠠ ᠰᠣᠩᠭᠤᠭᠤᠯᠢ ᠶᠢᠨ ᠠᠷᠭ᠎ᠠ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠲᠣᠭᠲᠠᠭᠠᠬᠤ ᠠᠷᠭ᠎ᠠ ᠶᠢ ᠪᠠᠲᠤᠯᠠᠪᠠ︔ ᠶᠡᠭᠡ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ︔ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠯᠢᠦ ᠱᠢ ᠮᠢᠩ ᠢ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠵᠤ᠂ ᠰᠢᠦᠢ ᠬᠤᠤ ᠯᠦᠩ ᠢ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠵᠤ᠂ ᠸᠠᠩ ᠾᠧᠩ᠂ ᠸᠠᠩ ᠶᠤᠸᠡᠢ᠂ ᠸᠠᠩ ᠰᠢᠦ᠋ᠩ ᠬᠤᠩ᠂ ᠸᠠᠩ ᠰᠢᠶᠣᠤ ᠶᠠᠨ᠂ ᠴᠢᠶᠣᠤ ᠬᠤᠢ᠂ ᠶᠠᠨ ᠰᠢᠦᠸᠡᠢ ᠹᠧᠩ᠂ ᠯᠢ ᠬᠤᠤ ᠶᠠᠩ᠂ ᠶᠠᠩ ᠶᠠᠩ᠂ ᠵᠠᠩ ᠴᠤᠤ ᠢ᠂ ᠵᠤᠤ ᠵᠢᠩ ᠵᠢᠩ᠂ ᠴᠢᠨ ᠫᠧᠩ ᠶᠤᠸᠡᠢ ᠶᠢ ᠭᠦᠶᠡᠩ ᠰᠢᠶᠠᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 10 ᠲᠥᠷᠥᠯ ᠵᠦᠢᠯ ᠢ ᠰᠣᠩᠭᠤᠨ ᠭᠠᠷᠭᠠᠪᠠ᠃    ᠪᠦᠭᠦᠳᠡ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠬᠤᠷᠠᠯ ᠬᠢᠵᠦ᠂ ᠶᠡᠷᠦᠩᠬᠡᠢ ᠪᠢᠯᠧᠲ ᠬᠢᠨᠠᠭᠴᠢ ᠶᠢᠨ ᠰᠣᠩᠭᠤᠭᠤᠯᠢ ᠶᠢᠨ ᠪᠢᠯᠧᠲ ᠪᠦᠷᠢᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠣᠩᠭᠤᠭᠤᠯᠢ ᠶᠢᠨ ᠦᠷ᠎ᠡ ᠳ᠋ᠦᠩ ᠬᠦᠴᠦᠨ ᠲᠠᠢ ᠪᠠᠶᠢᠬᠤ ᠶᠢ ᠨᠤᠲᠠᠯᠠᠪᠠ᠃    ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ᠂ ᠭᠦᠶᠡᠩ ᠰᠢᠶᠠᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ᠂ ᠭᠦᠶᠡᠩ ᠰᠢᠶᠠᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠢ ᠰᠢᠢᠳᠪᠦᠷᠢ᠂ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠭᠦᠶᠡᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠭᠦᠶᠡᠩ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃    ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃    ᠰᠢᠨ᠎ᠡ ᠪᠠᠷ ᠰᠣᠩᠭᠤᠭᠳᠠᠭᠰᠠᠨ ᠭᠦᠶᠡᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠱᠢ ᠮᠢᠩ ᠣᠪᠣᠷ ᠢᠶᠠᠨ ᠢᠯᠡᠳᠬᠡᠬᠦ ᠦᠭᠡ ᠬᠡᠯᠡᠪᠡ᠃    ᠯᠢᠦ ᠱᠢ ᠮᠢᠩ᠂ ᠡᠨᠡ ᠤᠳᠠᠭ᠎ᠠ ᠶᠢᠨ ᠶᠡᠭᠡ ᠬᠤᠷᠠᠯ ᠠᠴᠠ ᠨᠠᠮᠠᠶᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠪᠠ᠂ ᠡᠨᠡ ᠪᠣᠯ ᠨᠢᠭᠡᠨ ᠲᠤᠰᠢᠶᠠᠯ ᠪᠠ ᠠᠵᠢᠯ ᠤᠨ ᠪᠠᠶᠢᠷᠢ ᠪᠣᠯᠬᠤ ᠪᠠᠷ ᠪᠠᠷᠠᠬᠤ ᠦᠭᠡᠢ᠂ ᠪᠠᠰᠠ ᠨᠢᠭᠡ ᠬᠤᠪᠢ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭ᠎ᠠ ᠮᠥᠨ᠂ ᠨᠡᠩ ᠴᠤ ᠨᠤᠲᠠᠯᠠᠯ ᠪᠠ ᠢᠷᠠᠭᠤ ᠠᠯᠳᠠᠷ ᠮᠥᠨ ᠭᠡᠳᠡᠭ ᠢ ᠪᠢ ᠭᠦᠨᠵᠡᠭᠡᠢ ᠣᠶᠢᠯᠠᠭᠠᠪᠠ᠃ ᠪᠢ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠭ ᠢ ᠪᠦᠯᠬᠦᠮᠳᠡᠭᠦᠯᠦᠨ ᠳᠠᠭᠠᠭᠤᠯᠵᠤ᠂ ᠪᠦᠬᠦ ᠲᠥᠯᠥᠭᠡᠯᠡᠭᠴᠢ ᠪᠣᠯᠤᠨ ᠪᠥᠬᠦ ᠰᠢᠶᠠᠨ ᠤ ᠠᠷᠠᠳ ᠲᠦᠮᠡᠨ ᠲᠠᠢ ᠬᠠᠮᠲᠤ ᠪᠠᠷ᠂ ᠬᠠᠷᠠᠯᠲᠠ ᠪᠠᠷ ᠤᠷᠤᠭᠰᠢᠯᠠᠬᠤ ᠵᠠᠮ ᠢ ᠭᠡᠷᠡᠯᠳᠦᠬᠦᠯᠵᠦ᠂ ᠪᠣᠳᠠᠲᠠᠢ ᠠᠵᠢᠯᠯᠠᠬᠤ ᠪᠠᠷ ᠡᠷᠡᠯᠬᠡᠭᠯᠡᠨ ᠤᠷᠤᠭᠰᠢᠯᠠᠬᠤ ᠳᠠᠷᠪᠠᠭᠤᠯ ᠬᠡᠶᠢᠰᠬᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃   ᠯᠢᠦ ᠱᠢ ᠮᠢᠩ᠂ ︽ᠬᠤᠶᠠᠷ ᠢ ᠬᠠᠮᠠᠭᠠᠯᠠᠬᠤ︾ ᠶᠢ ᠴᠢᠰᠤᠨ ᠰᠤᠳᠠᠰᠤᠨ ᠳᠤ ᠠᠭᠤᠰᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ ᠦᠨᠡᠨᠴᠢ ᠰᠢᠳᠤᠷᠭᠤ ᠪᠠᠶᠢᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠠᠷᠠᠳ ᠲᠦᠮᠡᠨ ᠢ ᠳᠡᠭᠡᠳᠦᠯᠡᠵᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠤᠭ ᠰᠠᠨᠠᠭ᠎ᠠ ᠪᠠᠨ ᠰᠠᠶᠢᠲᠤᠷ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠬᠠᠤᠯᠢ ᠪᠠᠷ ᠵᠠᠰᠠᠬᠤ ᠶᠢ ᠢᠮᠠᠭᠲᠠ ᠬᠡᠷᠡᠭᠵᠢᠭᠦᠯᠬᠦ ᠶᠢ ᠢᠮᠠᠭᠲᠠ ᠲᠤᠤᠱᠯᠠᠭᠤᠯᠵᠤ᠂ ᠭᠦᠶᠡᠩ ᠨᠠᠶᠢᠷ ᠢ ᠴᠢᠳᠠᠮᠠᠭᠠᠢ ᠵᠠᠰᠠᠬᠤ ᠢᠲᠡᠭᠡᠯ ᠵᠣᠷᠢᠭ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠭᠦᠶᠡᠩ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ︔ ᠶᠡᠭᠡ ᠲᠠᠯ᠎ᠠ ᠳᠤ ᠦᠢᠯᠡᠴᠢᠯᠡᠬᠦ ᠶᠢ ᠬᠦᠨᠳᠦ ᠡᠭᠦᠷᠭᠡ ᠪᠣᠯᠭᠠᠵᠤ᠂ ᠬᠥᠭᠵᠢᠯᠲᠡ ᠶᠢ ᠠᠬᠢᠭᠤᠯᠬᠤ ᠡᠷᠡᠰ ᠵᠣᠷᠢᠭ ᠢᠶᠠᠨ ᠪᠠᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠬᠤ ᠬᠡᠷᠡᠭᠲᠡᠢ︔ ᠪᠡᠶ᠎ᠡ ᠪᠠᠨ ᠵᠠᠰᠠᠵᠤ ᠪᠡᠶ᠎ᠡ ᠪᠠᠨ ᠴᠢᠩᠭ᠎ᠠ ᠱᠠᠭᠠᠷᠳᠠᠬᠤ ᠶᠢ ᠢᠲᠡᠭᠡᠯ ᠵᠣᠷᠢᠭ ᠢᠶᠠᠨ ᠪᠠᠲᠤᠳᠬᠠᠵᠤ᠂ ᠢᠮᠠᠭᠲᠠ ᠨᠠᠮ ᠪᠠ ᠠᠷᠠᠳ ᠲᠦᠮᠡᠨ ᠤ ᠬᠢᠨᠠᠯᠲᠠ ᠶᠢ ᠬᠦᠯᠢᠶᠡᠨ᠎ᠡ᠃    ᠯᠢᠦ ᠱᠢ ᠮᠢᠩ ᠲᠡᠭᠦᠰᠬᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠲᠡᠷᠡ᠂ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠬᠤᠶᠠᠷ ᠬᠤᠷᠠᠯ ᠤᠨ ᠲᠦᠷ ᠴᠠᠭ ᠤᠨ ᠨᠠᠮ ᠤᠨ ᠬᠤᠷᠢᠶ᠎ᠡ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠳᠣᠣᠷ᠎ᠠ᠂ ᠪᠦᠬᠦ ᠲᠥᠯᠥᠭᠡᠯᠡᠭᠴᠢᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠤᠰ ᠤᠳᠠᠭ᠎ᠠ ᠶᠢᠨ ᠬᠤᠷᠠᠯ ᠨᠢ ᠠᠷᠠᠳᠴᠢᠯᠠᠯ ᠢ ᠭᠦᠢᠴᠡᠳ ᠪᠠᠳᠠᠷᠠᠭᠤᠯᠵᠤ ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠭᠦᠢᠴᠡᠳ ᠢᠯᠡᠷᠡᠭᠦᠯᠵᠦ᠂ ᠨᠢᠭᠡ ᠤᠳᠠᠭ᠎ᠠ ᠶᠢᠨ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠰᠠᠨ᠂ ᠠᠷᠠᠳ ᠤᠨ ᠰᠠᠨᠠᠭ᠎ᠠ ᠣᠶᠤᠨ ᠤᠬᠠᠭᠠᠨ ᠢ ᠬᠤᠷᠠᠮᠳᠤᠭᠤᠯᠤᠭᠰᠠᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠭᠰᠠᠨ ᠪᠣᠳᠠᠲᠠᠢ ᠶᠢ ᠡᠷᠬᠢᠮᠯᠡᠭᠰᠡᠨ ᠶᠡᠭᠡ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠪᠥᠬᠦ ᠰᠢᠶᠠᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠪᠦᠷᠯᠡᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠭᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ ᠪᠠᠷ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠰᠣᠩᠭᠤᠭᠤᠯᠢ᠂ ᠪᠢᠯᠧᠲ ᠢᠶᠠᠷ ᠲᠣᠭᠲᠠᠭᠠᠬᠤ᠂ ᠪᠠᠲᠤᠯᠠᠬᠤ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠨᠠᠷᠢᠨ ᠬᠢᠨᠠᠮᠠᠭᠠᠢ ᠬᠢᠨᠠᠨ ᠵᠥᠪᠯᠡᠵᠦ ᠪᠠᠲᠤᠯᠠᠵᠤ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠪᠠ ᠪᠤᠰᠤᠳ ᠡᠯ᠎ᠡ ᠵᠦᠢᠯ ᠤᠨ ᠮᠡᠳᠡᠭᠦᠯᠦᠯᠲᠡ᠂ ᠰᠢᠢᠳᠪᠦᠷᠢ ᠶᠢ ᠨᠠᠷᠢᠨ ᠬᠢᠨᠠᠮᠠᠭᠠᠢ ᠬᠢᠨᠠᠨ ᠶᠠᠷᠢᠯᠴᠠᠵᠤ ᠪᠠᠲᠤᠯᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ 1 ᠳᠡᠳ᠋ ᠡᠷᠬᠢᠯᠡᠭᠴᠢ ᠪᠠ 12 ᠪᠠᠶᠢᠩᠭᠤ ᠶᠢᠨ ᠬᠤᠷᠢᠶᠠᠨ ᠤ ᠭᠡᠰᠢᠭᠦᠨ ᠢ ᠬᠠᠤᠯᠢ ᠶᠣᠰᠣᠭᠠᠷ ᠰᠣᠩᠭᠤᠨ ᠭᠠᠷᠭᠠᠪᠠ᠃ ᠲᠥᠯᠥᠭᠡᠯᠡᠭᠴᠢᠳ ᠤᠨ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ᠂ ᠬᠠᠷᠢᠭᠤᠴᠠᠯᠭ᠎ᠠ ᠶᠢ ᠡᠷᠬᠢᠮᠯᠡᠬᠦ ᠵᠣᠷᠢᠭ ᠰᠠᠨᠠᠭᠠᠨ ᠤ ᠠᠬᠤᠢ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠡᠢ᠃    ᠯᠢᠦ ᠱᠢ ᠮᠢᠩ᠂ ᠰᠢᠶᠠᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠰᠢᠨ᠎ᠡ ᠤᠳᠤᠷᠢᠳᠤᠮᠵᠢ ᠶᠢ ᠳᠣᠪᠤᠶᠢᠯᠭᠠᠬᠤ ᠶᠢᠨ ᠲᠣᠭᠤᠷᠢᠨ ᠳᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠥᠨᠳᠥᠷ ᠲᠦᠪᠰᠢᠨ ᠪᠦᠬᠦᠢ ᠲᠥᠷᠥᠯ ᠵᠦᠢᠯ ᠢᠶᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ ᠂ ᠥᠨᠳᠥᠷ ᠶᠠᠰᠤ ᠴᠢᠨᠠᠷ ᠲᠠᠢ ᠠᠮᠢᠳᠤᠷᠠᠬᠤ ᠪᠠᠷ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠥᠨᠳᠥᠷ ᠪᠦᠲᠦᠮᠵᠢᠲᠡᠢ ᠵᠠᠰᠠᠯᠲᠠ ᠪᠠᠷ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠦᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ︽ᠰᠢᠨ᠎ᠡ ᠴᠠᠭ ᠦᠶ᠎ᠡ ᠶᠢᠨ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ︾ ᠶᠢᠨ ᠬᠠᠷᠠᠯᠲᠠ ᠶᠢ ᠴᠢᠷᠮᠠᠶᠢᠨ ᠪᠢᠴᠢᠭᠯᠡᠬᠦ ᠳᠤ ︽ᠠᠷᠪᠠᠨ ᠪᠦᠬᠦ ᠬᠦᠴᠦᠨ︾ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠠᠷᠭᠠᠪᠠ᠃ ᠲᠤᠰ ᠤᠳᠠᠭᠠᠨ ᠤ ᠶᠡᠭᠡ ᠬᠤᠷᠠᠯ ᠠᠴᠠ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠨᠠᠷᠢᠯᠢᠭᠵᠢᠭᠤᠯᠪᠠ᠃ ᠰᠢᠶᠠᠨ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰ ᠤᠳᠠᠭ᠎ᠠ ᠶᠢᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ︽ᠴᠠᠭ ᠲᠤᠬᠠᠢ ᠳᠤᠨᠢ᠂ ᠪᠣᠳᠠᠲᠠᠢ ᠶᠢ ᠡᠷᠬᠢᠮᠯᠡᠬᠦ᠂ ᠪᠣᠳᠠᠲᠠᠶᠢᠵᠢᠭᠤᠯᠬᠤ ᠶᠢ ᠪᠣᠳᠠᠲᠠᠶᠢᠵᠢᠭᠤᠯᠬᠤ︾ ᠠᠵᠢᠯ ᠤᠨ ᠰᠤᠷᠲᠠᠯ ᠪᠣᠯᠤᠨ ︽ᠪᠣᠳᠠᠲᠠᠢ ᠠᠳᠬᠤᠬᠤ᠂ ᠠᠮᠵᠢᠯᠲᠠ ᠬᠢᠬᠦ᠂ ᠰᠢᠨ᠎ᠡ ᠶᠢ ᠡᠭᠦᠳᠬᠦ︾ ᠠᠵᠢᠯ ᠤᠨ ᠡᠷᠴᠢ ᠵᠣᠷᠢᠭ ᠢᠶᠠᠷ ᠬᠥᠭᠵᠢᠯᠲᠡ ᠶᠢ ᠠᠬᠢᠭᠤᠯᠬᠤ ᠲᠠᠯ᠎ᠠ ᠪᠠᠷ ᠴᠢᠳᠠᠮᠠᠭᠠᠢ ᠠᠵᠢᠯᠯᠠᠵᠤ᠂ ᠬᠢᠨᠠᠯᠲᠠ ᠲᠠᠯᠪᠢᠵᠤ ᠪᠠᠶᠢᠴᠠᠭᠠᠨ ᠦᠵᠡᠬᠦ ᠲᠠᠯ᠎ᠠ ᠪᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠲᠠᠯ᠎ᠠ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠬᠠᠷᠢᠯᠴᠠᠬᠤ ᠳᠦᠷᠢᠮ ᠢ ᠰᠠᠶᠢᠲᠤᠷ ᠬᠡᠷᠡᠭᠯᠡᠵᠦ᠂ ᠠᠷᠠᠳ ᠣᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠬᠠᠨᠤᠮᠵᠢᠲᠠᠢ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃    ᠯᠢᠦ ᠱᠢ ᠮᠢᠩ ᠬᠠᠮᠤᠭ ᠤᠨ ᠰᠡᠭᠦᠯ ᠳᠤ ᠂ ᠠᠤᠭ᠎ᠠ ᠲᠥᠰᠦᠪ ᠨᠢ ᠪᠢᠳᠡᠨ ᠢ ᠵᠣᠷᠢᠭᠵᠢᠭᠤᠯᠵᠤ᠂ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠪᠢᠳᠡᠨ ᠢ ᠤᠷᠢᠶᠠᠯᠠᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠪᠢᠳᠡᠨ ᠢ ᠱᠠᠭᠠᠷᠳᠠᠵᠤ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠡᠩ ᠤᠬᠠᠮᠰᠠᠷ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠨᠡᠩ ᠨᠠᠷᠢᠨ ᠬᠢᠨᠠᠮᠠᠭᠠᠢ ᠭᠦᠢᠴᠡᠳᠬᠡᠵᠦ᠂ ᠨᠡᠩ ᠰᠠᠨᠠᠭᠠᠴᠢᠯᠠᠭ᠎ᠠ ᠠᠴᠠ ᠪᠠᠨ ᠦᠨᠡᠨᠬᠦ ᠠᠳᠬᠤᠨ ᠪᠣᠳᠠᠲᠠᠢ ᠠᠵᠢᠯᠯᠠᠵᠤ᠂ ᠭᠦᠶᠡᠩ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ︕ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ 
 
ᠢᠷᠡᠯᠲᠡ᠄ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号