ᠵᠢᠨᠱᠠᠨ ᠪᠠᠯᠭᠠᠰᠤ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/8
    ᠥᠷᠭᠡᠨ ᠣᠯᠠᠨ ᠬᠡᠦᠬᠡᠳ ᠢ ᠬᠠᠯᠠᠭᠤᠨ ᠳᠤᠯᠠᠭᠠᠨ᠂ ᠪᠠᠶᠠᠷ ᠬᠦᠷ ᠲᠠᠢ᠂ ᠠᠮᠤᠷ ᠲᠦᠪᠰᠢᠨ ᠡᠪᠦᠯ ᠤᠨ ᠠᠮᠠᠷᠠᠯᠲᠠ ᠶᠢ ᠥᠩᠭᠡᠷᠡᠭᠦᠯᠬᠦ ᠶᠢᠨ ᠲᠥᠯᠥᠭᠡ᠂ ᠵᠢᠨᠱᠠᠨ ᠪᠠᠯᠭᠠᠰᠤ ᠣᠯᠠᠨ ᠬᠡᠯᠪᠡᠷᠢ ᠶᠢᠨ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠦᠬᠡᠳ ᠤᠳ ᠲᠤ ᠠᠮᠠᠷᠠᠯᠲᠠ ᠶᠢᠨ ᠬᠤᠭᠤᠴᠠᠭᠠᠨ ᠳᠤ ᠮᠡᠳᠡᠯᠭᠡ ᠬᠦᠷᠲᠡᠭᠡᠵᠦ᠂ ᠪᠠᠶᠠᠷ ᠪᠠᠶᠠᠰᠤᠯ ᠪᠠ ᠦᠰᠦᠨ ᠪᠤᠶᠢᠵᠢᠵᠤ᠂ ᠬᠡᠦᠬᠡᠳ ᠤᠨ ᠠᠮᠠᠷᠠᠯᠲᠠ ᠶᠢᠨ ᠬᠤᠭᠤᠴᠠᠭᠠᠨ ᠳᠤ ᠲᠡᠭᠦᠰ ᠲᠡᠭᠦᠯᠳᠡᠷ ᠢᠳᠡᠪᠬᠢ ᠬᠦᠴᠦᠨ ᠨᠡᠮᠡᠷᠢᠯᠡᠪᠡ᠃    ᠮᠡᠳᠡᠯᠭᠡ ᠶᠢᠨ ᠲᠠᠶᠢᠯᠤᠮᠵᠢ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ    ᠵᠢᠨᠱᠠᠨ ᠪᠠᠯᠭᠠᠰᠤᠨ ᠤ ᠶᠠᠩ ᠭᠧ ᠯᠧᠩ ᠨᠡᠶᠢᠭᠡᠮ ᠲᠣᠭᠤᠷᠢᠭ ᠤᠨ ᠬᠢᠨ ᠰᠦᠯᠵᠢᠶᠡᠨ ᠭᠠᠳᠠᠨᠠᠬᠢ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠵᠦ᠂ ᠺᠠᠷᠲ᠋ᠣᠨ ᠵᠢᠷᠤᠭ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ 20 ᠬᠡᠦᠬᠡᠳ ᠲᠤ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠶᠢ ᠤᠯᠠᠮᠵᠢᠯᠠᠵᠤ᠂ ᠲᠡᠳᠡᠨ ᠢ ᠬᠠᠪᠰᠤᠷᠤᠨ ᠠᠮᠤᠷ ᠲᠦᠪᠰᠢᠨ ᠤ ᠤᠬᠠᠮᠰᠠᠷ ᠢ ᠨᠢ ᠴᠢᠩᠭᠠᠳᠬᠠᠪᠠ᠃ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠨᠠᠰᠤᠨ ᠳᠤ ᠦᠯᠦ ᠬᠦᠷᠦᠭᠰᠡᠳ ᠤᠨ ᠭᠠᠯ ᠰᠡᠷᠭᠡᠶᠢᠯᠡᠵᠦ ᠴᠠᠬᠢᠯᠭᠠᠨ ᠬᠡᠷᠡᠭᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠮᠡᠳᠡᠯᠭᠡ ᠶᠢᠨ ᠲᠣᠭᠤᠷᠢᠨ ᠳᠤ ᠬᠡᠦᠬᠡᠳ ᠤᠳ ᠲᠤ ᠤᠬᠠᠭᠤᠯᠤᠨ ᠲᠠᠶᠢᠯᠪᠤᠷᠢᠯᠠᠭᠰᠠᠨ ᠪᠥᠭᠡᠳ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠦᠮᠡᠨ ᠡᠷᠦᠬᠡ ᠳᠤ ᠣᠷᠣᠭᠤᠯᠬᠤ︾᠂ ︽ᠦᠰᠦᠨ ᠪᠤᠶᠢᠵᠢᠯᠲᠠ ᠶᠢᠨ ᠤᠭᠤᠲᠠ ᠠᠮᠤᠷ ᠲᠦᠪᠰᠢᠨ ᠤ ᠮᠡᠳᠡᠯᠭᠡ ᠶᠢᠨ ᠶᠡᠭᠡ ᠬᠠᠶᠢᠯᠲᠠ︾ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠪᠠ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠣᠬᠤᠷ ᠸᠢᠳᠢᠣ᠋ ᠶᠢ ᠨᠡᠪᠲᠡᠷᠡᠭᠦᠯᠵᠦ᠂ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠠᠮᠤᠷ ᠲᠦᠪᠰᠢᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠵᠡᠷᠭᠡ ᠠᠭᠤᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠪᠠ᠃ ᠡᠭᠦᠨ ᠤ ᠬᠠᠮᠲᠤ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠪᠢᠴᠢᠬᠠᠨ ᠨᠠᠭᠠᠯᠲᠠ ᠶᠢ ᠰᠦᠯᠵᠢᠶᠡᠨ ᠳᠡᠭᠡᠷ᠎ᠡ ᠬᠦᠷᠭᠡᠬᠦ ᠪᠠᠷ ᠳᠠᠮᠵᠢᠭᠤᠯᠤᠨ᠂ ᠭᠡᠷ ᠤᠨ ᠠᠬᠠᠮᠠᠳ ᠢ ᠠᠮᠠᠷᠠᠯᠲᠠ ᠶᠢᠨ ᠬᠤᠭᠤᠴᠠᠭᠠᠨ ᠤ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ᠬᠡᠦᠬᠡᠳ ᠲᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠨᠡᠶᠢᠲᠡ ᠶᠢᠨ ᠠᠰᠠᠷᠠᠮᠵᠢ ᠪᠠᠷ ᠬᠠᠮᠢᠶᠠᠷᠤᠭᠤᠯᠵᠤ᠂ ᠪᠠᠶᠠᠷ ᠪᠠᠶᠠᠰᠬᠤᠯᠠᠩ ᠲᠠᠢ ᠠᠮᠠᠷᠠᠯᠲᠠ ᠶᠢᠨ ᠬᠤᠭᠤᠴᠠᠭ᠎ᠠ ᠶᠢ ᠪᠤᠢ ᠪᠣᠯᠭᠠᠨ᠎ᠠ    ᠵᠢᠨᠱᠠᠨ ᠪᠠᠯᠭᠠᠰᠤᠨ ᠤ ᠰᠢᠨᠬᠤᠸᠠ  ᠬᠤᠷᠢᠶ᠎ᠡ  ᠲᠣᠭᠤᠷᠢᠭ ᠤᠨ ᠡᠪᠯᠡᠯ ᠤᠨ ᠬᠤᠷᠢᠶ᠎ᠡ᠂ ᠠᠨᠳᠠ ᠠᠪᠤᠷᠠᠨ ᠲᠤᠰᠠᠯᠠᠬᠤ ᠠᠩᠭᠢ ᠶᠢᠨ ᠬᠢᠨ ᠬᠠᠮᠲᠤ ᠪᠠᠷ ︽ᠬᠠᠶᠢᠷ᠎ᠠ ᠰᠡᠳᠬᠢᠯᠭᠡ ᠲᠠᠢ᠂ ᠦᠰᠦᠨ ᠪᠤᠶᠢᠵᠢᠵᠤ ᠵᠣᠪᠠᠨᠢᠯ ᠦᠭᠡᠢ︾ ᠡᠪᠦᠯ ᠤᠨ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠶᠢ ᠥᠷᠨᠢᠭᠦᠯᠵᠦ᠂ ᠨᠡᠶᠢᠲᠡ 23 ᠰᠤᠷᠤᠭᠴᠢ ᠡᠯᠰᠡᠵᠦ᠂ ᠨᠠᠶᠢᠳᠠᠨ ᠬᠠᠮᠢᠶᠠᠷᠤᠭᠤᠯᠬᠤ ᠴᠠᠭ ᠨᠢ 2 ᠭᠠᠷᠠᠭ ᠪᠣᠯᠤᠨ᠎ᠠ᠃ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠪᠠᠭᠰᠢ ᠪᠣᠯ ᠴᠥᠮ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠣᠶᠤᠲᠠᠨ ᠪᠣᠯᠤᠨ᠎ᠠ᠂ ᠨᠠᠶᠢᠳᠠᠨ ᠬᠠᠮᠢᠶᠠᠷᠤᠭᠤᠯᠬᠤ ᠡᠲᠡᠭᠡᠳ ᠨᠢ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ᠂ ᠰᠢᠨ᠎ᠡ ᠪᠠᠷ ᠠᠵᠢᠯ ᠣᠯᠤᠭᠰᠠᠨ ᠬᠡᠯᠪᠡᠷᠢ ᠶᠢᠨ ᠬᠥᠳᠡᠯᠮᠦᠷᠢᠴᠢᠳ ᠤᠨ 6 ᠨᠠᠰᠤᠨ ᠠᠴᠠ 16 ᠪᠦᠬᠦᠯᠢ ᠨᠠᠰᠤᠨ ᠤ ᠰᠤᠷᠭᠠᠭᠤᠯᠢ ᠶᠢᠨ ᠨᠠᠰᠤᠨ ᠤ ᠦᠷ᠎ᠡ ᠬᠡᠦᠬᠡᠳ ᠪᠣᠯᠤᠨ᠎ᠠ᠃ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠳᠤ ᠳᠠᠰᠬᠠᠯ᠂ ᠨᠡᠶᠢᠭᠡᠮ ᠤᠨ ᠦᠢᠯᠡᠳᠦᠯᠭᠡ᠂ ᠭᠠᠷ ᠤᠷᠠᠯᠠᠯ᠂ ᠬᠡᠪ ᠴᠢᠨᠠᠷ ᠢ ᠳᠡᠭᠡᠭᠰᠢᠯᠡᠭᠦᠯᠬᠦ᠂ ᠬᠠᠲᠠᠭᠤ ᠪᠢᠷ ᠤᠨ ᠤᠷᠠᠨ ᠪᠢᠴᠢᠯᠭᠡ᠂ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠵᠢᠷᠤᠭ ᠵᠢᠷᠤᠬᠤ᠂ ᠤᠷᠠᠨ ᠪᠢᠴᠢᠯᠭᠡ᠂ ᠬᠡᠯᠡᠨ ᠤ ᠴᠢᠳᠠᠪᠤᠷᠢᠲᠠᠨ ᠵᠡᠷᠭᠡ ᠣᠨᠴᠠᠯᠢᠭᠲᠤ ᠬᠢᠴᠢᠶᠡᠯ ᠲᠣᠬᠢᠷᠠᠭᠤᠯᠵᠤ᠂ ᠬᠡᠦᠬᠡᠨᠴᠦᠳ ᠢ ᠠᠮᠤᠷ ᠲᠦᠪᠰᠢᠨ᠂ ᠲᠠᠭᠠᠯᠠᠮᠵᠢᠲᠠᠢ ᠣᠷᠴᠢᠨ ᠲᠣᠭᠤᠷᠢᠨ ᠳᠤ ᠤᠳᠬ᠎ᠠ ᠠᠭᠤᠯᠭ᠎ᠠ ᠲᠠᠢ ᠪᠥᠭᠡᠳ ᠡᠯᠪᠡᠭ ᠪᠠᠶᠠᠯᠢᠭ ᠡᠪᠦᠯ ᠤᠨ ᠠᠮᠠᠷᠠᠯᠲᠠ ᠶᠢᠨ ᠠᠮᠢᠳᠤᠷᠠᠯ ᠢ ᠡᠳ᠋ᠯᠡᠭᠦᠯᠪᠡ᠃    ᠰᠤᠷᠤᠯᠭ᠎ᠠ ᠶᠢ ᠬᠠᠪᠰᠤᠷᠤᠨ ᠵᠢᠯᠣᠭᠤᠳᠴᠤ᠂ ᠮᠡᠳᠡᠯᠭᠡ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠨ᠎ᠡ    ᠠᠮᠠᠷᠠᠯᠲᠠ ᠶᠢᠨ ᠬᠤᠭᠤᠴᠠᠭᠠᠨ ᠤ ᠬᠡᠦᠬᠡᠳ ᠤᠨ ᠰᠤᠷᠤᠯᠭ᠎ᠠ ᠶᠢ ᠬᠠᠪᠰᠤᠷᠤᠨ ᠵᠢᠯᠣᠭᠤᠳᠬᠤ ᠬᠥᠮᠦᠨ ᠦᠭᠡᠢ ᠠᠰᠠᠭᠤᠳᠠᠯ ᠳᠤ ᠴᠢᠭᠯᠡᠭᠦᠯᠦᠨ᠂ ᠵᠢᠨᠱᠠᠨ ᠪᠠᠯᠭᠠᠰᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠬᠠᠷᠢᠶᠠᠲᠤ ᠣᠷᠣᠨ ᠤ ᠪᠠᠨ 7 - 16 ᠪᠦᠬᠦᠯᠢ ᠨᠠᠰᠤᠨ ᠤ ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ︽ᠰᠢᠶᠣᠤ ᠯᠦ ᠭᠡᠷ ᠲᠡᠭᠡᠨ ᠬᠠᠷᠢᠬᠤ︾ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ ︽ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠠᠵᠢᠯᠯᠠᠬᠤ︾ ᠵᠠᠷᠴᠢᠮ ᠢ ᠪᠠᠷᠢᠮᠲᠠᠯᠠᠨ᠂ 15 ᠬᠡᠦᠬᠡᠳ ᠲᠤ ᠰᠤᠷᠤᠯᠭ᠎ᠠ ᠶᠢᠨ ᠬᠠᠪᠰᠤᠷᠤᠨ ᠵᠢᠯᠣᠭᠤᠳᠬᠤ ᠦᠢᠯᠡᠴᠢᠯᠡᠭᠡ ᠬᠠᠩᠭᠠᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠬᠡᠦᠬᠡᠳ ᠤᠨ ᠰᠤᠷᠤᠯᠭ᠎ᠠ ᠶᠢᠨ ᠪᠠᠶᠢᠳᠠᠯ ᠢ ᠦᠨᠳᠦᠰᠦᠯᠡᠨ᠂ ᠥᠪᠡᠷᠮᠢᠴᠡ ᠬᠠᠪᠰᠤᠷᠤᠨ ᠵᠢᠯᠣᠭᠤᠳᠬᠤ ᠲᠥᠯᠥᠪᠯᠡᠭᠡ ᠲᠣᠭᠲᠠᠭᠠᠵᠤ᠂ ᠲᠡᠳᠡᠨ ᠢ ᠬᠠᠪᠰᠤᠷᠤᠨ ᠡᠪᠦᠯ ᠤᠨ ᠠᠮᠠᠷᠠᠯᠲᠠ ᠶᠢᠨ ᠳᠠᠰᠬᠠᠯ ᠢ ᠪᠡᠶᠡᠯᠡᠭᠦᠯᠵᠦ᠂ ᠰᠤᠷᠤᠯᠭ᠎ᠠ ᠶᠢᠨ ᠬᠤᠭᠤᠴᠠᠭᠠᠨ ᠤ ᠮᠡᠳᠡᠯᠭᠡ ᠪᠠᠨ ᠳᠠᠪᠲᠠᠵᠤ᠂ ᠳᠠᠷᠠᠭ᠎ᠠ ᠬᠤᠭᠤᠴᠠᠭᠠᠨ ᠤ ᠠᠭᠤᠯᠭ᠎ᠠ ᠶᠢ ᠤᠷᠢᠳᠴᠢᠯᠠᠨ ᠰᠤᠷᠤᠯᠴᠠᠭᠤᠯᠪᠠ᠃ ᠡᠭᠦᠨ ᠠᠴᠠ ᠭᠠᠳᠠᠨ᠎ᠠ᠂ ᠪᠠᠰᠠ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠬᠡᠳᠦᠢ ᠶᠢ ᠮᠡᠳᠡᠬᠦ ᠪᠤᠢ︾᠂ ︽ᠳᠤᠷ᠎ᠠ ᠰᠣᠨᠢᠷᠬᠠᠯ ᠢ ᠬᠡᠨ ᠤᠩᠰᠢᠬᠤ ᠪᠤᠢ︾᠂ ︽ᠬᠤᠪᠢᠰᠬᠠᠯᠲᠤ ᠺᠢᠨᠣ᠋ ᠶᠢ ᠣᠯᠠᠨ ᠢᠶᠠᠷ ᠢᠶᠠᠨ ᠦᠵᠡᠬᠦ︾ ᠵᠡᠷᠭᠡ ᠡᠯ᠎ᠡ ᠲᠥᠷᠥᠯ ᠤᠨ ᠭᠠᠷ ᠤᠷᠠᠯᠠᠯ ᠤᠨ ᠬᠥᠳᠡᠯᠭᠡᠭᠡᠨ ᠤ ᠬᠢᠴᠢᠶᠡᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠡᠰᠢᠴᠢᠯᠡᠭᠰᠡᠨ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠨ ᠵᠠᠩ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ ᠵᠡᠷᠭᠡ ᠪᠦᠬᠦ ᠲᠠᠯ᠎ᠠ ᠪᠠᠷ ᠥᠰᠦᠨ ᠪᠤᠶᠢᠵᠢᠬᠤ ᠶᠢ ᠠᠬᠢᠭᠤᠯᠪᠠ᠃    ᠭᠠᠷ ᠤᠷᠠᠯᠠᠯ ᠢ ᠪᠡᠶᠡᠴᠢᠯᠡᠨ ᠣᠶᠢᠯᠠᠭᠠᠬᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ    ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠵᠢᠨᠱᠠᠨ ᠪᠠᠯᠭᠠᠰᠤᠨ ᠤ ᠡᠯ᠎ᠡ ᠨᠡᠶᠢᠭᠡᠮ ᠲᠣᠭᠤᠷᠢᠭ 10 ᠲᠠᠯᠠᠪᠤᠷ ᠰᠣᠶᠣᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠵᠢᠱᠢᠶᠡᠯᠡᠪᠡᠯ ᠬᠤᠣᠰ ᠤᠶᠠᠩᠭ᠎ᠠ᠂ ᠡᠷᠲᠡᠨ ᠤ ᠤᠷᠠᠯᠢᠭ ᠤᠨ ᠬᠡᠪᠯᠡᠯ᠂ ᠭᠠᠷ ᠤᠷᠠᠯᠠᠯ ᠤᠨ ᠭᠤᠬ᠎ᠠ᠂ ᠡᠰᠢ ᠰᠦᠷᠡᠯ ᠤᠨ ᠬᠤᠸᠠᠷ ᠵᠡᠷᠭᠡ ᠶᠢ ᠪᠢᠴᠢᠵᠦ᠂ ᠬᠡᠦᠬᠡᠳ ᠤᠳ ᠢ ᠠᠵᠢᠯᠯᠠᠭ᠎ᠠ ᠳᠤᠮᠳᠠ ᠪᠠᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠪᠡᠶ᠎ᠡ ᠪᠠᠷ ᠢᠶᠠᠨ ᠣᠶᠢᠯᠠᠭᠠᠭᠤᠯᠵᠤ᠂ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠪᠠ ᠰᠣᠶᠣᠯ ᠤᠨ ᠢᠲᠡᠭᠡᠯ ᠵᠣᠷᠢᠭ ᠢ ᠨᠢ ᠨᠡᠮᠡᠭᠳᠡᠭᠦᠯᠪᠡ᠃ ᠵᠢᠱᠢᠶᠡᠯᠡᠪᠡᠯ ᠲᠠᠷᠢᠶᠠᠯᠠᠩ ᠢ ᠳᠡᠮᠵᠢᠬᠦ ᠨᠡᠶᠢᠭᠡᠮ ᠲᠣᠭᠤᠷᠢᠭ ᠨᠢᠭᠡ ᠤᠳᠠᠭᠠᠨ ᠤ ︽ᠬᠡᠦᠬᠡᠳ ᠤᠨ ᠥᠩᠭᠡᠲᠦ ᠵᠢᠷᠤᠭ ᠤᠨ ᠵᠡᠭᠦᠳᠦ ᠠᠰᠪᠤᠷ ᠴᠠᠭᠠᠪᠤᠷ ᠴᠠᠭ︾ ᠭᠡᠬᠦ ᠵᠤᠭᠠᠩ ᠬᠡᠦᠬᠡᠨ ᠤ ᠡᠭᠦᠳᠦᠨ ᠪᠦᠲᠦᠭᠡᠬᠦ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠲᠤ ᠵᠣᠬᠢᠶᠠᠨ ᠪᠦᠲᠦᠭᠡᠬᠦ ᠶᠠᠪᠤᠴᠠ ᠳᠤ ᠤᠷᠠᠯᠢᠭ᠂ ᠪᠠᠶᠠᠷ ᠪᠠᠶᠠᠰᠬᠤᠯᠠᠩᠲᠤ ᠦᠰᠦᠨ ᠪᠤᠶᠢᠵᠢᠯᠲᠠ ᠶᠢ ᠡᠳ᠋ᠯᠡᠭᠦᠯᠪᠡ︔ ᠨᠠᠨ ᠭᠤᠸᠠᠨ ᠨᠡᠶᠢᠭᠡᠮ ᠲᠣᠭᠤᠷᠢᠭ ᠤᠨ ᠡᠷᠬᠢᠯᠡᠭᠰᠡᠨ ︽ᠬᠠᠶᠢᠷ᠎ᠠ ᠶᠢ ᠭᠡᠷ ᠲᠡᠭᠡᠨ ᠠᠪᠴᠤ ᠬᠠᠷᠢᠭᠠᠳ ᠨᠢᠭᠡ ᠰᠡᠳᠬᠢᠯ ᠢᠶᠠᠷ ᠥᠰᠦᠨ ᠪᠤᠶᠢᠵᠢᠬᠤ ᠶᠢ ᠬᠠᠮᠠᠭᠠᠯᠠᠵᠤ ᠹᠦ᠋ ᠷᠦᠢ ᡁᠢ ᠪᠠᠷ ᠴᠠᠭᠠᠨ ᠰᠠᠷ᠎ᠠ ᠶᠢ ᠤᠭᠲᠤᠬᠤ︾ ᠭᠠᠷ ᠤᠷᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠣᠬᠢ ᠬᠠᠷᠢᠴᠠᠭ᠎ᠠ ᠶᠢ ᠪᠦᠲᠦᠮᠵᠢᠲᠡᠢ ᠪᠠᠷ ᠣᠶᠢᠷᠠᠲᠤᠭᠤᠯᠪᠠ︔ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠥᠷᠨᠢᠭᠦᠯᠦᠭᠰᠡᠨ ᠪᠤᠶᠠᠨ ᠦᠰᠦᠭ ᠤᠨ ᠴᠢᠮᠡᠭᠯᠡᠯ ᠤᠨ ᠵᠢᠷᠤᠭ ᠨᠠᠭᠠᠬᠤ ᠭᠠᠷ ᠤᠷᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠤᠳ ᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠪᠦᠲᠦᠭᠡᠯᠴᠢ ᠰᠡᠳᠬᠢᠮᠵᠢ ᠪᠠᠨ ᠪᠠᠳᠠᠷᠠᠭᠤᠯᠵᠤ᠂ ᠥᠪᠡᠷ ᠢ ᠪᠠᠨ ᠳᠡᠯᠭᠡᠨ ᠦᠵᠡᠭᠦᠯᠵᠦ᠂ ᠠᠮᠵᠢᠯᠲᠠ ᠪᠦᠲᠦᠮᠵᠢ ᠶᠢᠨ ᠲᠥᠷᠥᠭᠳᠡᠯ ᠢᠶᠠᠷ ᠳᠦᠭᠦᠷᠡᠩ ᠪᠣᠯᠭᠠᠪᠠ᠃    ᠨᠣᠮ ᠤᠩᠰᠢᠬᠤ ᠬᠠᠨᠢ ᠪᠣᠯᠬᠤ    ᠵᠢᠨᠱᠠᠨ ᠪᠠᠯᠭᠠᠰᠤᠨ ᠤ ᠰᠢᠨ ᠬᠤᠸᠠ ᠨᠡᠶᠢᠭᠡᠮ ᠲᠣᠭᠤᠷᠢᠭ ︽ᠪᠢᠴᠢᠭ ᠤᠨ ᠰᠤᠷᠪᠤᠯᠵᠢᠲᠤ ᠬᠡᠦᠬᠡᠳ ᠤᠨ ᠤᠩᠰᠢᠯᠭ᠎ᠠ ᠶᠢᠨ ᠬᠠᠨᠢ ᠪᠣᠯᠵᠣ ᠥᠰᠦᠨ ᠪᠤᠶᠢᠵᠢᠬᠤ︾ ᠬᠡᠦᠬᠡᠳ ᠤᠨ ᠨᠣᠮ ᠤᠩᠰᠢᠵᠤ ᠬᠤᠪᠢᠶᠠᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠬᠡᠦᠬᠡᠳ ᠢ ᠤᠷᠢᠵᠤ ᠰᠠᠶᠢᠨ ᠰᠠᠶᠢᠬᠠᠨ ᠨᠣᠮ ᠤᠩᠰᠢᠬᠤ ᠴᠠᠭ ᠬᠤᠭᠤᠴᠠᠭ᠎ᠠ ᠶᠢ ᠬᠠᠮᠲᠤ ᠪᠠᠷ ᠥᠩᠭᠡᠷᠡᠭᠦᠯᠪᠡ᠃ ᠠᠵᠢᠯᠯᠠᠭ᠎ᠠ ᠶᠢᠨ ᠳᠤᠮᠳᠠ᠂ ᠪᠢᠴᠢᠬᠠᠨ ᠨᠠᠶᠢᠵᠠ ᠨᠠᠷ ᠨᠡᠶᠢᠭᠡᠮ ᠲᠣᠭᠤᠷᠢᠭ ᠤᠨ ᠠᠵᠢᠯᠲᠠᠨ ᠤ ᠵᠢᠯᠣᠭᠤᠳᠣᠯᠭ᠎ᠠ ᠳᠣᠣᠷ᠎ᠠ ᠥᠪᠡᠷ ᠤᠨ ᠲᠣᠭᠤᠭᠰᠠᠨ ᠨᠣᠮ ᠪᠢᠴᠢᠭ ᠢᠶᠠᠨ ᠰᠣᠩᠭᠤᠵᠤ᠂ ᠮᠠᠰᠢ ᠠᠮᠲᠠᠲᠠᠢ ᠤᠩᠰᠢᠪᠠ᠃ ᠳᠠᠷᠠᠭ᠎ᠠ ᠨᠢ᠂ ᠬᠡᠦᠬᠡᠳ ᠤᠳ ᠬᠠᠷᠢᠯᠴᠠᠨ ᠬᠤᠪᠢᠶᠠᠯᠴᠠᠵᠤ᠂ ᠨᠣᠮ ᠤᠨ ᠠᠭᠤᠯᠭ᠎ᠠ ᠪᠣᠯᠤᠨ ᠥᠪᠡᠷ ᠤᠨ ᠤᠩᠰᠢᠭᠰᠠᠨ ᠤ ᠳᠠᠷᠠᠭᠠᠬᠢ ᠣᠯᠤᠯᠲᠠ ᠲᠥᠷᠥᠭᠳᠡᠯ ᠢᠶᠠᠨ ᠨᠠᠷᠢᠨ ᠲᠠᠨᠢᠯᠴᠠᠭᠤᠯᠵᠤ᠂ ᠪᠤᠰᠤᠳ ᠵᠠᠯᠠᠭᠤᠴᠤᠳ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠠᠰᠠᠭᠤᠳᠠᠯ ᠳᠤᠷᠠᠳᠴᠤ ᠬᠠᠷᠢᠯᠴᠠᠨ ᠶᠠᠷᠢᠯᠴᠠᠵᠤ᠂ ᠮᠡᠳᠡᠯᠭᠡ ᠶᠢᠨ ᠶᠡᠭᠡ ᠬᠤᠭᠤᠯᠠ ᠪᠠᠨ ᠬᠤᠪᠢᠶᠠᠯᠴᠠᠨ᠎ᠠ᠃ ᠠᠵᠢᠯᠲᠠᠳ ᠴᠤ ᠡᠭᠦᠨ ᠤ ᠳᠣᠲᠣᠷ᠎ᠠ ᠣᠷᠣᠯᠴᠠᠵᠤ᠂ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠠᠴᠠ ᠤᠬᠠᠮᠰᠠᠷ ᠠᠴᠠ ᠪᠠᠨ ᠵᠠᠶᠢᠳᠠᠭᠤᠯᠵᠤ᠂ ᠮᠠᠭᠤ ᠲᠣᠭᠯᠠᠭᠠᠮ ᠠᠴᠠ ᠬᠤᠯᠠ ᠵᠠᠶᠢᠳᠠᠭᠤᠯᠵᠤ᠂ ᠬᠡᠦᠬᠡᠳ ᠤᠳ ᠤᠨ ᠮᠡᠳᠡᠯᠭᠡ ᠶᠢ ᠨᠢ ᠨᠡᠮᠡᠭᠳᠡᠭᠦᠯᠵᠦ᠂ ᠦᠭᠡ ᠬᠡᠯᠡ ᠪᠠᠨ ᠢᠯᠡᠳᠬᠡᠬᠦ ᠴᠢᠳᠠᠪᠤᠷᠢ ᠪᠠ ᠥᠪᠡᠷ ᠢ ᠪᠠᠨ ᠳᠡᠯᠭᠡᠨ ᠦᠵᠡᠭᠦᠯᠬᠦ ᠴᠢᠳᠠᠪᠤᠷᠢ ᠶᠢ ᠨᠢ ᠪᠣᠯᠪᠠᠰᠤᠷᠠᠭᠤᠯᠪᠠ᠃    ᠡᠷᠭᠢᠨ ᠦᠵᠡᠵᠦ ᠲᠣᠬᠤᠨᠢᠭᠤᠯᠵᠤ᠂ ᠬᠠᠯᠠᠭᠤᠨ ᠳᠤᠯᠠᠭᠠᠨ ᠬᠠᠯᠠᠮᠵᠢᠯᠠᠯ ᠢ ᠳᠠᠮᠵᠢᠭᠤᠯᠪᠠ    ᠵᠢᠨᠱᠠᠨ ᠪᠠᠯᠭᠠᠰᠤᠨ ᠤ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠢᠨ ᠬᠠᠶᠢᠷ᠎ᠠ ᠬᠠᠯᠠᠮᠵᠢ ᠶᠢᠨ ᠡᠵᠢ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ 12 ᠬᠡᠦᠬᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠰᠤᠷᠤᠯᠭ᠎ᠠ ᠶᠢᠨ ᠬᠡᠷᠡᠭᠰᠡᠯ᠂ ᠠᠮᠢᠳᠤᠷᠠᠯ ᠤᠨ ᠬᠡᠷᠡᠭᠰᠡᠯ ᠪᠣᠯᠤᠨ ᠲᠣᠬᠤᠨᠢᠭᠤᠯᠬᠤ ᠮᠥᠩᠭᠦ ᠬᠦᠷᠭᠡᠪᠡ᠃ ᠵᠢᠱᠢᠶᠡᠯᠡᠪᠡᠯ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠭᠦᠶᠡᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠭᠦᠶᠡᠩ ᠭᠤᠷᠪᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ︽ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ᠂ ᠥᠨᠥᠴᠢᠨ ᠥᠷᠥᠭᠡᠰᠦᠨ ᠪᠢᠰᠢ ᠪᠠᠶᠢᠬᠤ︾ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠰᠤᠷᠤᠯᠭ᠎ᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠬᠡᠦᠬᠡᠳ ᠤᠨ ᠪᠣᠳᠠᠲᠠᠢ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠢ ᠪᠠᠷ ᠯᠠᠪᠯᠠᠨ ᠠᠰᠠᠭᠤᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠴᠢᠷ ᠢ ᠰᠦᠷᠦᠨ ᠤᠷᠤᠭᠰᠢᠯᠠᠬᠤ ᠶᠢ ᠵᠣᠷᠢᠭᠵᠢᠭᠤᠯᠪᠠ︔ ᠮᠢᠨ ᠱᠧᠩ ᠲᠣᠰᠬᠤᠨ ᠤ ᠬᠠᠶᠢᠷ᠎ᠠ ᠬᠠᠯᠠᠮᠵᠢ ᠶᠢᠨ ᠡᠵᠢ ᠵᠠᠩ ᠶᠠᠨ ᠯᠢᠩ ᠲᠣᠰᠬᠤᠨ ᠤ ᠬᠦᠴᠢᠷᠳᠡᠯ ᠳᠤ ᠲᠤᠯᠭᠠᠷᠠᠭᠰᠠᠨ 3 ᠬᠡᠦᠬᠡᠳ ᠲᠤ ᠨᠣᠮ ᠪᠢᠴᠢᠭ᠂ ᠠᠯᠴᠢᠭᠤᠷ ᠵᠡᠷᠭᠡ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠬᠡᠦᠬᠡᠳ ᠲᠤ ᠡᠪᠦᠯ ᠤᠨ ᠠᠮᠠᠷᠠᠯᠲᠠ ᠶᠢᠨ ᠳᠠᠰᠬᠠᠯ ᠢ ᠲᠠᠶᠢᠯᠪᠤᠷᠢᠯᠠᠨ ᠥᠭᠴᠦ᠂ ᠬᠠᠯᠠᠭᠤᠨ ᠳᠤᠯᠠᠭᠠᠨ ᠦᠭᠡ ᠶᠠᠷᠢᠶ᠎ᠠ ᠨᠢ ᠬᠡᠦᠬᠡᠳ ᠪᠠ ᠡᠴᠢᠭᠡ ᠡᠬᠡ ᠶᠢᠨ ᠢᠶᠠᠨ ᠰᠡᠳᠬᠢᠯ ᠢ ᠤᠮᠳᠠᠯᠠᠵᠤ ᠥᠭᠪᠡ᠃    ᠲᠤᠰ ᠤᠳᠠᠭᠠᠨ ᠤ ᠡᠪᠦᠯ ᠤᠨ ᠠᠮᠠᠷᠠᠯᠲᠠ ᠶᠢᠨ ᠬᠡᠦᠬᠡᠳ ᠤᠨ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠬᠡᠦᠬᠡᠳ ᠤᠨ ᠰᠤᠷᠤᠯᠭ᠎ᠠ ᠶᠢᠨ ᠠᠰᠠᠭᠤᠳᠠᠯ ᠪᠦᠲᠦᠮᠵᠢᠲᠡᠢ ᠰᠢᠢᠳᠪᠦᠷᠢᠯᠡᠭᠳᠡᠭᠰᠡᠨ ᠢᠶᠠᠷ ᠪᠠᠷᠠᠬᠤ ᠦᠭᠡᠢ᠂ ᠤᠯᠠᠮᠵᠢᠯᠠᠯᠲᠤ ᠰᠣᠶᠣᠯ ᠤᠨ ᠲᠤᠬᠠᠢ ᠴᠦ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠳ ᠴᠦ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠦᠬᠡᠳ ᠤᠨ ᠥᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠠᠵᠢᠯᠯᠠᠭ᠎ᠠ ᠶᠢᠨ ᠠᠭᠤᠯᠭ᠎ᠠ ᠪᠠ ᠬᠡᠯᠪᠡᠷᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠡᠦᠬᠡᠳ ᠲᠤ ᠨᠡᠩ ᠴᠢᠨᠠᠷ ᠰᠠᠶᠢᠲᠠᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠬᠤ ᠪᠣᠯᠤᠨ᠎ᠠ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号