ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠥᠯᠵᠡᠢ ᠪᠡᠯᠭᠡ ᠲᠠᠢ ᠪᠠᠶᠠᠷ ᠤᠨ | ᠡᠳᠦᠷ ᠤᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠶᠢᠨ | ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠡᠯ᠎ᠡ ᠲᠣᠰᠬᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ︽ᠵᠢᠯ ᠴᠠᠭᠠᠨ ᠰᠠᠷ᠎ᠠ ᠪᠠᠨ | ᠥᠩᠭᠡᠷᠡᠭᠦᠯᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ | ᠵᠢᠯ ᠤᠨ ᠵᠢᠷᠤᠭ ᠨᠢ ᠳᠤᠮᠳᠠᠳᠤ ᠤᠯᠤᠰ ᠤᠨ ᠠᠷᠠᠳ ᠤᠨ ᠤᠷᠠᠯᠢᠭ ᠤᠨ ᠳᠤᠮᠳᠠ ᠮᠠᠰᠢ ᠭᠦᠨᠵᠡᠭᠡᠢ ᠨᠥᠯᠥᠭᠡ | ᠪᠣᠯᠤᠭᠰᠠᠨ ᠤᠯᠠᠮᠵᠢᠯᠠᠯᠲᠤ ᠵᠢᠷᠤᠭ ᠤᠨ ᠲᠥᠷᠥᠯ ᠪᠣᠯᠤᠭᠰᠠᠨ ᠤ ᠬᠤᠪᠢ ᠳᠤ᠂ ᠤᠯᠤᠰ ᠤᠨ ᠬᠥᠮᠦᠨ ᠤ ᠶᠠᠰᠤᠨ ᠤ | ᠳᠣᠲᠣᠷᠠᠬᠢ ᠲᠤᠷᠠᠰᠤᠮᠵᠢ ᠶᠢ ᠪᠢᠲᠡᠭᠦᠮᠵᠢᠯᠡᠵᠦ᠂ ᠲᠡᠷᠡ ᠨᠢ ᠥᠯᠵᠡᠢ ᠪᠡᠯᠭᠡ ᠲᠠᠢ᠃ ᠪᠤᠶᠠᠨ ᠦᠢᠯᠡᠳᠴᠦ ᠭᠠᠵᠢᠭᠤ | ᠪᠤᠷᠤᠭᠤ ᠶᠢ ᠲᠠᠶᠢᠯᠬᠤ ᠪᠣᠯ ᠴᠠᠭᠠᠨ ᠰᠠᠷ᠎ᠠ ᠶᠢᠨ ᠵᠠᠩ ᠵᠠᠩᠰᠢᠯ ᠤᠨ ᠰᠣᠶᠣᠯ ᠤᠨ ᠴᠢᠬᠤᠯᠠ ᠠᠴᠢᠶᠠᠯᠠᠪᠤᠷᠢ ᠪᠣᠯᠤᠨ᠎ᠠ᠂ | ᠰᠡᠳᠦᠪ ᠨᠢ ᠥᠷᠭᠡᠨ ᠳᠡᠯᠭᠡᠷ᠂ ᠬᠡᠪ ᠨᠠᠮᠪᠠ ᠨᠢ ᠠᠳᠠᠯᠢ ᠦᠭᠡᠢ ᠣᠨ ᠤ ᠵᠢᠷᠤᠭ ᠤᠨ ᠤᠷᠠᠯᠢᠭ ᠨᠢ ᠠᠷᠠᠳ ᠤᠨ ᠵᠠᠩ | ᠦᠢᠯᠡ ᠶᠢᠨ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠬᠠᠷᠠᠭᠤᠯᠵᠤ ᠪᠠᠶᠢᠨ᠎ᠠ᠃ | ᠠᠵᠢᠯᠯᠠᠭ᠎ᠠ ᠶᠢᠨ ᠳᠤᠮᠳᠠ᠂ ᠶᠢᠨ ᠬᠤᠤ ᠪᠠᠯᠭᠠᠰᠤᠨ ᠤ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠥᠷᠲᠡᠭᠡ ᠡᠯᠧ᠊ᠺᠲᠷᠤᠨ ᠳᠡᠯᠭᠡᠴᠡ᠂ ᠸᠢᠴᠠᠲ ᠤᠨ ᠰᠦᠷᠦᠭᠵᠢᠯ ᠤᠨ ᠳᠤᠭᠤᠶᠢᠯᠠᠩ ᠢᠶᠠᠷ | ᠳᠠᠮᠵᠢᠭᠤᠯᠤᠨ ᠲᠣᠰᠬᠤᠨ ᠤ ᠠᠷᠠᠳ ᠲᠤ ᠡᠯᠧ᠊ᠺᠲᠷᠤᠨ ᠣᠨ ᠤ ᠵᠢᠷᠤᠭ ᠢ ᠳᠡᠯᠭᠡᠨ ᠦᠵᠡᠭᠦᠯᠵᠦ᠂ ᠨᠢᠭᠡ | ᠬᠠᠭᠤᠳᠠᠰᠤ ᠤᠢᠩᠭᠡ ᠢᠯᠭᠠᠷᠠᠨ᠂ ᠬᠡᠯᠪᠡᠷᠢ ᠳᠦᠷᠰᠦ ᠨᠢ ᠦᠨᠡᠨ ᠪᠣᠳᠠᠲᠠᠢ ᠴᠠᠭᠠᠨ ᠰᠠᠷ᠎ᠠ ᠶᠢᠨ ᠵᠢᠷᠤᠭ ᠢ ᠳᠡᠯᠭᠡᠨ | ᠦᠵᠡᠭᠦᠯᠵᠦ᠂ ᠪᠠᠶᠠᠷ ᠪᠠᠭ᠋ᠠᠳᠤᠯ ᠲᠠᠢ ᠴᠠᠭᠠᠨ ᠰᠠᠷ᠎ᠠ ᠶᠢ ᠤᠭᠲᠤᠬᠤ ᠠᠷᠠᠳ ᠤᠨ ᠵᠠᠩ ᠳᠠᠳᠬᠠᠯ ᠢ ᠳᠡᠯᠭᠡᠨ | ᠦᠵᠡᠭᠦᠯᠵᠡᠢ᠃ · ᠰᠠᠶᠢᠨ ᠳᠤᠷ᠎ᠠ ᠶᠢᠨ ᠦᠢᠯᠡᠴᠢᠯᠡᠭᠴᠢᠳ ︽ᠰᠣᠶᠣᠯ ᠤᠨ ᠡᠯᠴᠢᠳ︾ ᠤᠨ ᠳᠦᠷᠢ ᠶᠢ ᠲᠣᠭᠯᠠᠵᠤ᠂ | ᠣᠯᠠᠨ ᠳᠤ ᠰᠢᠨ᠎ᠡ ᠤᠳᠬ᠎ᠠ ᠠᠭᠤᠯᠭ᠎ᠠ ᠲᠠᠢ ᠣᠨ ᠤ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ᠂ ︽ᠣᠨ︾ | ᠤ ᠢᠷᠡᠯᠲᠡ᠂ ᠡᠯ᠎ᠡ ᠭᠠᠵᠠᠷ ᠤᠨ ᠠᠳᠠᠯᠢ ᠪᠤᠰᠤ ᠰᠢᠨ᠎ᠡ ᠵᠢᠯ ᠤᠨ ᠵᠠᠩ ᠳᠠᠳᠬᠠᠯ ᠢ ᠲᠠᠨᠢᠯᠴᠠᠭᠤᠯᠵᠤ᠂ ᠠᠳᠠᠯᠢ ᠪᠤᠰᠤ | ᠵᠢᠯ ᠤᠨ ᠵᠢᠷᠤᠭ ᠢᠶᠠᠷ ᠳᠠᠮᠵᠢᠭᠤᠯᠤᠨ ᠠᠷᠠᠳ ᠲᠤ ᠴᠠᠭᠠᠨ ᠰᠠᠷ᠎ᠠ ᠶᠢᠨ ᠵᠢᠷᠤᠭ ᠤᠨ ᠴᠢᠳᠠᠪᠤᠷᠢ᠂ ᠲᠥᠷᠥᠯ ᠵᠦᠢᠯ | ᠵᠡᠷᠭᠡ ᠮᠡᠳᠡᠯᠭᠡ ᠶᠢ ᠶᠠᠷᠢᠵᠤ ᠥᠭᠪᠡ᠃ ᠡᠯᠸ | ᠠᠵᠢᠯᠯᠠᠭ᠎ᠠ ᠶᠢ ᠥᠷᠨᠢᠭᠦᠯᠦᠭᠰᠡᠨ ᠨᠢ ᠬᠠᠯᠠᠭᠤᠨ ᠳᠤᠯᠠᠭᠠᠨ ᠡᠶ᠎ᠡ ᠨᠠᠶᠢᠷᠠᠮᠳᠠᠭᠤ ᠴᠠᠭᠠᠨ ᠰᠠᠷ᠎ᠠ ᠶᠢᠨ ᠠᠭᠤᠷ | ᠠᠮᠢᠰᠬᠤᠯ ᠢ ᠪᠣᠢ ᠪᠣᠯᠭᠠᠵᠤ᠂ ᠲᠣᠰᠬᠤᠨ ᠤ ᠠᠷᠠᠳ ᠲᠤ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩᠲᠤ ᠠᠭᠤᠷ | ᠠᠮᠢᠰᠬᠤᠯ ᠢ ᠮᠡᠳᠡᠷᠡᠭᠦᠯᠬᠦ ᠶᠢᠨ ᠬᠠᠮᠲᠤ ᠪᠠᠰᠠ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ | ᠮᠡᠳᠡᠷᠡᠭᠦᠯᠵᠦ᠂ ᠲᠣᠰᠬᠤᠨ ᠤ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ | ᠰᠡᠳᠬᠢᠯᠭᠡ ᠶᠢ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠢᠨ ᠬᠤᠤ ᠪᠠᠯᠭᠠᠰᠤᠨ ᠤ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠥᠷᠲᠡᠭᠡ ᠨᠢ ᠣᠯᠠᠨ ᠶᠠᠩᠵᠤ ᠶᠢᠨ ᠬᠡᠯᠪᠡᠷᠢ ᠶᠢᠨ | ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡ ᠶᠢ ᠣᠯᠠᠨ ᠲᠦᠮᠡᠨ ᠤ ᠰᠡᠳᠬᠢᠯ ᠳᠤ ᠨᠡᠩ ᠬᠦᠷᠭᠡᠵᠦ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠮᠢᠭ᠎ᠠ ᠪᠠᠶᠢᠯᠭᠠᠬᠤ ᠶᠢ ᠪᠠᠲᠤᠯᠠᠵᠤ᠂ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡ ᠲᠡᠨᠳᠡ | ᠪᠠᠶᠢᠬᠤ ᠶᠢ ᠪᠠᠲᠤᠯᠠᠨ᠎ᠠ᠃ | |