ᠶᠡᠭᠡ ᠲᠢᠩᠬᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠴᠢᠨᠠᠷ ᠰᠠᠶᠢᠲᠠᠶ ᠲᠠᠭᠠᠯᠠᠮᠵᠢᠲᠠᠶ | ᠦᠢᠯᠡᠴᠢᠯᠡᠭᠡᠨ ᠤ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠨ᠎ᠠ᠃ | ᠦᠢᠯᠡᠴᠢᠯᠡᠬᠦ ᠴᠠᠭ ᠤᠨ ᠠᠮᠢᠳᠤᠯᠢᠭ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠢ ᠤᠷᠲᠤᠳᠬᠠᠬᠤ ᠦᠢᠯᠡᠴᠢᠯᠡᠭᠡ᠂ | ᠤᠷᠢᠳᠴᠢᠯᠠᠨ ᠪᠣᠯᠵᠣᠬᠤ ᠦᠢᠯᠡᠴᠢᠯᠡᠭᠡ ᠵᠢᠴᠢ ︽ᠬᠤᠤᠰ ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠥᠬᠡᠶ︾ | ᠵᠡᠷᠭᠡ ᠥᠪᠡᠷᠮᠢᠴᠡ ᠦᠢᠯᠡᠴᠢᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ︽ᠲᠠᠯᠠᠭᠠᠷ ᠭᠦᠶᠦᠬᠦ ᠥᠬᠡᠶ᠂ ᠬᠤᠭᠤᠰᠣᠨ ᠭᠦᠶᠦᠬᠦ ᠥᠬᠡᠶ᠂ ᠳᠤᠲᠠᠭᠤ ᠭᠦᠶᠦᠬᠦ︾ ᠶᠢ ᠦᠨᠡᠨ | ᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠴᠠᠭ ᠤᠨ ᠥᠪᠡᠷ ᠤᠨ | ᠥᠷᠲᠡᠭ ᠪᠠ ᠣᠶᠤᠨ ᠴᠢᠳᠠᠯ ᠤᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ᠎ᠠ᠃ | ᠬᠡᠷᠡᠭ ᠡᠷᠬᠢᠯᠡᠬᠦ ᠮᠠᠲ᠋ᠧᠷᠢᠶᠠᠯ ᠤᠨ ᠪᠠᠭᠲᠠᠭᠠᠮᠵᠢ ᠶᠢ ᠳᠡᠭᠡᠭᠰᠢᠯᠡᠭᠦᠯᠦᠨ᠎ᠡ᠃ ᠠᠵᠢᠯ ᠤᠨ ᠠᠷᠭ᠎ᠠ ᠶᠢᠨ ᠰᠢᠨ᠎ᠡ ᠶᠢ | ᠡᠭᠦᠳᠴᠦ᠂ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ + | ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠬᠢᠨᠠᠨ ᠵᠥᠪᠰᠢᠶᠡᠷᠡᠬᠦ ᠠᠷᠭ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠨᠠᠶᠢᠳᠠᠪᠤᠷᠢᠵᠢᠭᠤᠯᠵᠤ᠂ ᠮᠠᠲ᠋ᠧᠷᠢᠶᠠᠯ ᠢ ᠬᠤᠶᠢᠰᠢᠯᠠᠭᠤᠯᠤᠨ ᠲᠤᠰᠢᠶᠠᠬᠤ ᠪᠠᠷ | ᠳᠠᠮᠵᠢᠭᠤᠯᠤᠨ᠂ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ᠂ ᠣᠯᠠᠨ ᠲᠦᠮᠡᠨ ᠤ ᠬᠦᠴᠢᠷᠳᠡᠯ | ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ ᠥᠭᠭᠦᠨ᠎ᠡ᠃ | ᠤᠯᠠᠨ ᠲᠦᠮᠡᠨ ᠤ ᠣᠷᠣᠯᠴᠠᠬᠤ ᠶᠢ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠡᠰᠢᠴᠢᠯᠡᠭᠰᠡᠨ | ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠴᠣᠩᠬᠤ᠂ ︽ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ᠂ ︽ᠰᠠᠶᠢᠨ ᠮᠠᠭᠤ ᠶᠢᠨ ᠦᠨᠡᠯᠡᠯᠲᠡ︾ | ᠶᠢᠨ ᠦᠨᠡᠯᠡᠯᠲᠡ ᠶᠢᠨ ᠲᠣᠭᠲᠠᠴᠠ ᠵᠢᠴᠢ ᠰᠠᠨᠠᠯ ᠤᠨ ᠬᠠᠶᠢᠷᠴᠠᠭ᠂ ᠰᠠᠨᠠᠯ ᠤᠨ ᠳᠡᠪᠲᠡᠷ ᠢ ᠠᠰᠢᠭᠯᠠᠨ ᠠᠵᠤ | ᠠᠬᠤᠶᠢᠯᠠᠯ ᠪᠠ ᠤᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ | ᠪᠦᠲᠦᠮᠵᠢᠲᠡᠶ ᠦᠨᠡᠯᠡᠯᠲᠡ ᠶᠢ ᠬᠦᠯᠢᠶᠡᠨ ᠠᠪᠴᠤ᠂ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠠᠷᠢᠭᠤ | ᠲᠤᠰᠬᠠᠬᠤ ᠲᠣᠭᠲᠠᠴᠠ ᠶᠢ ᠪᠦᠷᠢᠨᠰᠢᠬᠦᠯᠦᠨ᠂ ᠴᠣᠩᠬᠤ ᠶᠢ ᠬᠡᠳᠡᠷᠬᠦ ᠰᠢᠬᠠᠮᠳᠠᠭᠤᠯᠵᠤ ᠪᠠᠶᠢᠭᠠᠳ ᠰᠤᠷᠲᠠᠯ ᠢ ᠨᠢ | ᠰᠠᠶᠢᠵᠢᠷᠠᠭᠤᠯᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃ | |