ᠰᠢᠶᠠᠨ ᠤ ᠵᠠᠰᠠᠭ ᠤᠨ ᠣᠷᠳᠣᠨ ᠤ ᠲᠤᠭ᠎ᠠ ᠪᠠᠷᠢᠮᠲᠠ ᠶᠢᠨ ᠲᠣᠪᠴᠢᠶ᠎ᠠ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ ᠰᠢᠯᠢᠳᠡᠭ ᠦᠢᠯᠡᠴᠢᠯᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/3/10
    ᠶᠡᠭᠡ ᠲᠢᠩᠬᠢᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠴᠢᠨᠠᠷ ᠰᠠᠶᠢᠲᠠᠶ ᠲᠠᠭᠠᠯᠠᠮᠵᠢᠲᠠᠶ ᠦᠢᠯᠡᠴᠢᠯᠡᠭᠡᠨ ᠤ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠨ᠎ᠠ᠃    ᠦᠢᠯᠡᠴᠢᠯᠡᠬᠦ ᠴᠠᠭ ᠤᠨ ᠠᠮᠢᠳᠤᠯᠢᠭ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠢ ᠤᠷᠲᠤᠳᠬᠠᠬᠤ ᠦᠢᠯᠡᠴᠢᠯᠡᠭᠡ᠂ ᠤᠷᠢᠳᠴᠢᠯᠠᠨ ᠪᠣᠯᠵᠣᠬᠤ ᠦᠢᠯᠡᠴᠢᠯᠡᠭᠡ ᠵᠢᠴᠢ ︽ᠬᠤᠤᠰ ᠠᠮᠠᠷᠠᠯᠲᠠ ᠶᠢᠨ ᠡᠳᠦᠷ ᠡᠭᠦᠳᠡ ᠪᠠᠨ ᠬᠠᠭᠠᠬᠤ ᠥᠬᠡᠶ︾ ᠵᠡᠷᠭᠡ ᠥᠪᠡᠷᠮᠢᠴᠡ ᠦᠢᠯᠡᠴᠢᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠲᠠᠯᠠᠭᠠᠷ ᠭᠦᠶᠦᠬᠦ ᠥᠬᠡᠶ᠂ ᠬᠤᠭᠤᠰᠣᠨ ᠭᠦᠶᠦᠬᠦ ᠥᠬᠡᠶ᠂ ᠳᠤᠲᠠᠭᠤ ᠭᠦᠶᠦᠬᠦ︾ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠴᠠᠭ ᠤᠨ ᠥᠪᠡᠷ ᠤᠨ ᠥᠷᠲᠡᠭ ᠪᠠ ᠣᠶᠤᠨ ᠴᠢᠳᠠᠯ ᠤᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠤᠨ᠎ᠠ᠃    ᠬᠡᠷᠡᠭ ᠡᠷᠬᠢᠯᠡᠬᠦ ᠮᠠᠲ᠋ᠧᠷᠢᠶᠠᠯ ᠤᠨ ᠪᠠᠭᠲᠠᠭᠠᠮᠵᠢ ᠶᠢ ᠳᠡᠭᠡᠭᠰᠢᠯᠡᠭᠦᠯᠦᠨ᠎ᠡ᠃ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ + ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠬᠢᠨᠠᠨ ᠵᠥᠪᠰᠢᠶᠡᠷᠡᠬᠦ ᠠᠷᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠨᠠᠶᠢᠳᠠᠪᠤᠷᠢᠵᠢᠭᠤᠯᠵᠤ᠂ ᠮᠠᠲ᠋ᠧᠷᠢᠶᠠᠯ ᠢ ᠬᠤᠶᠢᠰᠢᠯᠠᠭᠤᠯᠤᠨ ᠲᠤᠰᠢᠶᠠᠬᠤ ᠪᠠᠷ ᠳᠠᠮᠵᠢᠭᠤᠯᠤᠨ᠂ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ᠂ ᠣᠯᠠᠨ ᠲᠦᠮᠡᠨ ᠤ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ ᠥᠭᠭᠦᠨ᠎ᠡ᠃    ᠤᠯᠠᠨ ᠲᠦᠮᠡᠨ ᠤ ᠣᠷᠣᠯᠴᠠᠬᠤ ᠶᠢ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠡᠰᠢᠴᠢᠯᠡᠭᠰᠡᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠴᠣᠩᠬᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ᠂ ︽ᠰᠠᠶᠢᠨ ᠮᠠᠭᠤ ᠶᠢᠨ ᠦᠨᠡᠯᠡᠯᠲᠡ︾ ᠶᠢᠨ ᠦᠨᠡᠯᠡᠯᠲᠡ ᠶᠢᠨ ᠲᠣᠭᠲᠠᠴᠠ ᠵᠢᠴᠢ ᠰᠠᠨᠠᠯ ᠤᠨ ᠬᠠᠶᠢᠷᠴᠠᠭ᠂ ᠰᠠᠨᠠᠯ ᠤᠨ ᠳᠡᠪᠲᠡᠷ ᠢ ᠠᠰᠢᠭᠯᠠᠨ ᠠᠵᠤ ᠠᠬᠤᠶᠢᠯᠠᠯ ᠪᠠ ᠤᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ ᠪᠦᠲᠦᠮᠵᠢᠲᠡᠶ ᠦᠨᠡᠯᠡᠯᠲᠡ ᠶᠢ ᠬᠦᠯᠢᠶᠡᠨ ᠠᠪᠴᠤ᠂ ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠬᠠᠷᠢᠭᠤ ᠲᠤᠰᠬᠠᠬᠤ ᠲᠣᠭᠲᠠᠴᠠ ᠶᠢ ᠪᠦᠷᠢᠨᠰᠢᠬᠦᠯᠦᠨ᠂ ᠴᠣᠩᠬᠤ ᠶᠢ ᠬᠡᠳᠡᠷᠬᠦ ᠰᠢᠬᠠᠮᠳᠠᠭᠤᠯᠵᠤ ᠪᠠᠶᠢᠭᠠᠳ ᠰᠤᠷᠲᠠᠯ ᠢ ᠨᠢ ᠰᠠᠶᠢᠵᠢᠷᠠᠭᠤᠯᠤᠨ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ᠃‍
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号