ᠬᠠᠪᠤᠷ ᠤᠨ ᠡᠬᠢᠨ ᠤ 3 ᠰᠠᠷ᠎ᠠ ᠳᠤ᠂ ᠲᠦᠮᠡᠨ ᠪᠣᠳᠠᠰ ᠠᠮᠢᠯᠠᠨ ᠰᠡᠷᠭᠦᠵᠦ᠂ ᠬᠤᠸᠠᠢ ᠱᠦᠸᠧ ᠪᠠᠯᠭᠠᠰᠤ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠠᠮᠢᠷ ᠤᠨ ᠬᠥᠳᠡᠯᠭᠡᠭᠡᠨ ᠤ ᠰᠢᠨ᠎ᠡ ᠰᠤᠷᠲᠠᠯ ᠢ ᠤᠭᠲᠤᠨ ᠠᠪᠴᠢᠷᠠᠪᠠ᠃ | ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠡᠮᠡᠭᠲᠡᠢ ᠺᠠᠳ᠋ᠷ ᠠᠵᠢᠯᠲᠠᠨ | ᠠᠵᠢᠯᠴᠢᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠢ ᠪᠣᠯᠭᠠᠵᠤ᠂ ᠪᠦᠯᠬᠦᠮ | ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ | ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ᠂ | ᠡᠪᠯᠡᠯ ᠤᠨ ᠬᠤᠷᠢᠶᠠᠨ ᠤ ᠬᠠᠮᠲᠤᠷᠠᠭᠰᠠᠨ ᠡᠪᠯᠡᠯ ᠤᠨ ᠬᠤᠷᠢᠶᠠᠨ ᠤ ᠬᠠᠮᠲᠤᠷᠠᠭᠰᠠᠨ ᠰᠢᠶᠠᠨ ᠤ ᠨᠠᠮ ᠤᠨ ᠬᠤᠷᠢᠶ᠎ᠡ᠂ | ᠰᠢᠶᠠᠨ ᠤ ᠬᠠᠮᠲᠤᠷᠠᠯᠴᠠᠭ᠎ᠠ ᠰᠣᠯᠢᠯᠴᠠᠭᠠᠨ ᠤ ᠲᠥᠪ ᠠᠴᠠ ︽ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠷᠢᠳᠢ | ᠰᠢᠳᠢ ᠲᠠᠢ ᠬᠤᠸᠠᠢ ᠱᠦᠸᠧ︾ ᠫᠢᠺᠧ ᠪᠥᠮᠪᠦᠭᠡ ᠶᠢᠨ ᠨᠥᠬᠦᠷᠰᠡᠭ ᠤᠷᠤᠯᠳᠤᠭᠠᠨ ᠢ ᠣᠨᠴᠠᠭᠠᠶᠢᠯᠠᠨ ᠤᠬᠠᠭᠠᠯᠠᠨ | ᠰᠡᠳᠦᠵᠠᠢ᠃ 3 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠠᠵᠢᠯᠯᠠᠭ᠎ᠠ ᠨᠢ ᠭᠦᠶᠡᠩ ᠰᠢᠶᠠᠨ ᠤ | ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠭᠠᠯ ᠬᠠᠯᠠᠭᠤᠨ ᠤᠷᠤᠯᠳᠤᠭᠠᠨ ᠡᠬᠢᠯᠡᠵᠦ᠂ ᠪᠠᠯᠭᠠᠰᠤ᠂ ᠲᠣᠰᠬᠤᠨ ᠤ | ᠡᠮᠡᠭᠲᠡᠢ ᠺᠠᠳ᠋ᠷ ᠵᠢᠴᠢ ᠬᠡᠰᠡᠭ ᠵᠠᠯᠠᠭᠤᠴᠤᠳ ᠢᠳᠡᠪᠬᠢᠲᠡᠢ ᠪᠠᠷ ᠣᠷᠣᠯᠴᠠᠵᠠᠢ᠃ | ᠡᠨᠡᠬᠦ ᠳᠡᠯᠡᠬᠡᠢ ᠶᠢᠨ ᠰᠢᠨ᠎ᠡ ᠪᠠᠷ ᠮᠠᠨᠳᠤᠭᠰᠠᠨ ᠬᠥᠳᠡᠯᠭᠡᠭᠡᠨ ᠨᠢ ᠬᠥᠮᠦᠰ ᠤᠨ ᠠᠩᠬᠠᠷᠤᠯ ᠢ ᠤᠯᠠᠮ ᠲᠠᠲᠠᠵᠤ | ᠪᠠᠶᠢᠨ᠎ᠠ᠃ ᠲᠡᠷᠡ ᠨᠢ ᠲᠣᠣᠷ ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ ᠵᠡᠷᠭᠡ ᠬᠥᠳᠡᠯᠭᠡᠭᠡᠨ ᠤ | ᠣᠨᠴᠠᠯᠢᠭ ᠢ ᠤᠷᠠᠨ ᠠᠷᠭ᠎ᠠ ᠪᠠᠷ ᠠᠭᠤᠰᠬᠠᠵᠤ᠂ ᠳᠦᠷᠢᠮ ᠨᠢ ᠳᠥᠭᠦᠮ ᠮᠥᠷᠲᠡᠭᠡᠨ ᠪᠠᠰᠠ ᠥᠷᠢᠰᠥᠯᠳᠦᠭᠡᠨ ᠤ | ᠴᠢᠨᠠᠷ ᠪᠠ ᠰᠣᠨᠢᠷᠬᠠᠯᠲᠤ ᠴᠢᠨᠠᠷ ᠢᠶᠠᠷ ᠳᠦᠭᠦᠷᠡᠩ ᠪᠠᠶᠢᠳᠠᠭ᠃ ᠲᠠᠮᠢᠷᠴᠢᠨ ᠴᠤ ᠲᠡᠷᠡ᠂ ᠡᠷᠳᠡᠮᠲᠡᠳ ᠴᠤ ᠲᠡᠷᠡ᠂ | ᠪᠦᠷ ᠫᠢ ᠺᠧ ᠪᠥᠮᠪᠥᠭᠡᠨ ᠲᠠᠯᠠᠪᠠᠢ ᠠᠴᠠ ᠥᠪᠡᠷ ᠤᠨ ᠭᠡᠰᠡᠨ ᠪᠠᠶᠠᠷ ᠴᠡᠩᠭᠡᠯ ᠣᠯᠵᠤ ᠴᠢᠳᠠᠨ᠎ᠠ᠃ ᠣᠷᠣᠯᠴᠠᠭᠴᠢ ᠳᠤ | ᠡᠨᠡ ᠬᠦ ᠬᠥᠳᠡᠯᠭᠡᠭᠡᠨ ᠤ ᠷᠢᠳᠢ ᠰᠢᠳᠢ ᠶᠢ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠠᠵᠢᠯᠯᠠᠭ᠎ᠠ ᠨᠢ | ᠡᠪᠯᠡᠯ ᠤᠨ ᠰᠢᠶᠠᠨ ᠤ ᠨᠠᠮ ᠤᠨ ᠬᠤᠷᠢᠶᠠᠨ ᠤ ᠫᠢ ᠺᠧ ᠪᠥᠮᠪᠥᠭᠡᠨ ᠰᠤᠷᠭᠠᠭᠴᠢ ᠶᠢ ᠣᠨᠴᠠᠭᠠᠶᠢᠯᠠᠨ ᠤᠷᠢᠵᠤ | ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠬᠢᠯᠭᠡᠪᠡ᠃ ᠫᠠᠢ ᠨᠠᠭᠠᠳᠬᠤ ᠬᠡᠯᠪᠡᠷᠢ ᠠᠴᠠ ᠪᠥᠮᠪᠦᠭᠡ ᠴᠣᠬᠢᠬᠤ | ᠮᠡᠷᠭᠡᠵᠢᠯ ᠬᠦᠷᠲᠡᠯ᠎ᠡ᠂ ᠲᠠᠰᠬᠠᠯᠵᠢᠭᠤᠯᠤᠭᠴᠢ ᠭᠠᠷ ᠢᠶᠠᠷ ᠢᠶᠠᠨ ᠵᠢᠭᠠᠨ ᠵᠢᠯᠣᠭᠤᠳᠴᠤ᠂ ᠣᠯᠠᠨ ᠢ ᠬᠠᠪᠰᠤᠷᠤᠨ | ᠲᠦᠷᠭᠡᠨ ᠣᠷᠣᠵᠤ᠂ ᠫᠢ ᠺᠧ ᠪᠥᠮᠪᠦᠭᠡ ᠶᠢᠨ ᠣᠨᠴᠠᠭᠠᠢ ᠲᠠᠲᠠᠬᠤ ᠬᠦᠴᠦᠨ ᠢ ᠰᠡᠷᠡᠵᠦ ᠮᠡᠳᠡᠵᠡᠢ᠃ | ᠲᠤᠰ ᠤᠳᠠᠭᠠᠨ ᠤ ᠫᠢ ᠺᠧ ᠪᠥᠮᠪᠦᠭᠡ ᠶᠢᠨ ᠨᠥᠬᠦᠷᠰᠡᠭ ᠤᠷᠤᠯᠳᠤᠭᠠᠨ ᠨᠢ ᠨᠢᠭᠡ ᠤᠳᠠᠭᠠᠨ ᠤ ᠬᠥᠳᠡᠯᠭᠡᠭᠡᠨ ᠤ | ᠦᠪᠡᠳᠡᠭᠰᠢ ᠨᠠᠶᠢᠷ ᠪᠣᠯᠬᠤ ᠪᠠᠷ ᠪᠠᠷᠠᠬᠤ ᠦᠭᠡᠢ᠂ ᠨᠡᠩ ᠴᠤ ᠡᠮᠡᠭᠲᠡᠶᠢᠴᠦᠳ ᠤᠨ ᠪᠠᠶᠠᠷ ᠤᠨ ᠡᠳᠦᠷ ᠤᠨ ᠶᠣᠰᠣᠯᠠᠯ | ᠪᠣᠯᠬᠤ ᠶᠤᠮ᠃ ᠬᠤᠸᠠᠢ ᠱᠦᠸᠧ ᠪᠠᠯᠭᠠᠰᠤᠨ ᠤ ᠡᠮᠡᠭᠲᠡᠢ ᠺᠠᠳ᠋ᠷᠴᠤᠳ ᠤᠷᠤᠯᠳᠤᠭᠠᠨ ᠤ ᠲᠠᠯᠠᠪᠠᠢ ᠳᠤ ᠬᠦᠴᠦ | ᠬᠥᠯᠥᠰᠥ ᠪᠠᠨ ᠤᠷᠤᠰᠬᠠᠵᠤ᠂ ᠣᠷᠭᠢᠯᠤᠮ᠎ᠠ ᠰᠡᠳᠬᠢᠯᠭᠡ ᠪᠠᠷ ᠬᠠᠪᠤᠷ ᠤᠨ ᠡᠬᠢᠨ ᠤ ᠠᠮᠢᠵᠢᠷᠠᠯ ᠤᠨ ᠬᠦᠴᠦᠨ ᠢ | ᠬᠥᠭᠵᠢᠭᠡᠪᠡ︔ ᠬᠠᠮᠵᠢᠯᠴᠠᠬᠤ ᠳᠤᠮᠳᠠ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠯ ᠢᠶᠠᠷ ᠡᠷᠡᠯᠬᠡᠭᠯᠡᠨ | ᠤᠷᠤᠭᠰᠢᠯᠠᠬᠤ ᠬᠠᠭᠤᠳᠠᠰᠤ ᠶᠢ ᠪᠢᠴᠢᠭᠯᠡᠪᠡ᠃ ᠲᠡᠳᠡ ᠢᠳᠡᠷᠡᠭᠦᠨ ᠳᠣᠷᠪᠢᠯᠢᠭ ᠣᠪᠣᠷ ᠢᠶᠠᠷ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ | ᠢᠯᠡᠷᠡᠭᠦᠯᠪᠡ᠃ ᠤᠷᠤᠯᠳᠤᠭᠠᠨ ᠤ ᠳᠠᠷᠠᠭ᠎ᠠ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠢ | ᠺᠠᠳ᠋ᠷᠴᠤᠳ ᠲᠤ ᠨᠠᠷᠢᠨ ᠨᠢᠮᠪᠠᠢ ᠪᠡᠯᠡᠳᠬᠡᠭᠰᠡᠨ ᠪᠠᠶᠠᠷ ᠤᠨ ᠡᠳᠦᠷ ᠤᠨ ᠪᠡᠯᠡᠭ ᠬᠦᠷᠭᠡᠵᠦ᠂ ᠲᠡᠳᠡᠨ ᠳᠤ ᠪᠠᠶᠠᠷ ᠤᠨ | ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠤ ᠠᠵᠢᠯ ᠠᠮᠢᠳᠤᠷᠠᠯ ᠤᠨ ᠳᠤᠮᠳᠠᠬᠢ ᠰᠢᠷᠭᠠᠭᠤ ᠴᠢᠷᠮᠠᠶᠢᠯᠭ᠎ᠠ ᠳᠤ | ᠲᠠᠯᠠᠷᠬᠠᠬᠤ ᠶᠢᠨ ᠬᠠᠮᠲᠤ ᠲᠡᠳᠡᠨ ᠤ ᠡᠮᠡᠭᠲᠡᠶᠢᠴᠦᠳ ᠤᠨ ᠣᠶᠤᠨ ᠰᠠᠨᠠᠭᠠᠨ ᠤ ᠬᠦᠴᠦᠨ ᠢ ᠦᠷᠭᠦᠯᠵᠢᠯᠡᠨ | ᠢᠯᠡᠷᠡᠭᠦᠯᠵᠦ᠂ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠵᠣᠷᠢᠭᠵᠢᠭᠤᠯᠪᠠ︕ | ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠠᠵᠢᠯᠯᠠᠭ᠎ᠠ ᠳᠤᠮᠳᠠ ᠪᠠᠨ᠄ | ︽ᠡᠮᠡᠭᠲᠡᠶᠢᠴᠦᠳ ᠪᠣᠯ ᠨᠡᠶᠢᠭᠡᠮ ᠤᠨ ᠳᠠᠪᠰᠢᠯᠲᠠ ᠶᠢᠨ ᠴᠢᠬᠤᠯᠠ ᠬᠦᠴᠦᠨ ᠮᠥᠨ᠂ ᠭᠡᠷ ᠪᠦᠯᠢ ᠪᠤᠶᠤ ᠠᠵᠢᠯ ᠤᠨ | ᠳᠤᠮᠳᠠ ᠪᠠᠨ ᠭᠡᠰᠡᠨ ᠦᠭᠡᠢ᠂ ᠲᠡᠳᠡ ᠴᠥᠮ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ ᠪᠠᠶᠢᠳᠠᠭ᠃ | ᠥᠨᠥᠳᠦᠷ ᠪᠢᠳᠡ ᠪᠥᠮᠪᠥᠭᠡᠨ ᠤᠷᠤᠯᠳᠤᠭᠠᠨ ᠢᠶᠠᠷ ᠳᠠᠮᠵᠢᠨ᠂ ᠣᠯᠠᠨ ᠢ ᠪᠡᠶ᠎ᠡ ᠰᠡᠳᠬᠢᠯ ᠢ ᠠᠮᠠᠷᠠᠭᠤᠯᠬᠤ ᠪᠠᠷ ᠪᠠᠷᠠᠬᠤ | ᠦᠭᠡᠢ᠂ ᠮᠠᠨ ᠤ ᠪᠠᠯᠭᠠᠰᠤᠨ ᠤ ᠡᠮᠡᠭᠳᠡᠶᠢᠴᠦᠳ ᠤᠨ ᠨᠠᠩ ᠢᠲᠡᠭᠡᠯ ᠲᠠᠢ᠂ ᠡᠷᠡᠭᠦᠯ ᠴᠢᠭᠢᠷᠠᠭ ᠣᠪᠣᠷ ᠢᠶᠠᠷ | ᠢᠷᠡᠭᠡᠳᠦᠢ ᠶᠢᠨ ᠥᠷᠢᠰᠥᠯᠳᠦᠭᠡᠨ ᠢ ᠤᠭᠲᠤᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ | ᠢᠷᠡᠭᠡᠳᠦᠢ ᠳᠤ᠂ ᠬᠤᠸᠠᠢ ᠱᠦᠸᠧ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠮᠡᠭᠲᠡᠶᠢᠴᠦᠳ ᠤᠨ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠨᠡᠩ ᠣᠯᠠᠨ ᠡᠮᠡᠭᠲᠡᠶᠢᠴᠦᠳ ᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠡᠷᠡᠭᠦᠯ ᠮᠡᠨᠳᠦ ᠪᠠ | ᠪᠠᠶᠠᠷ ᠪᠠᠶᠠᠰᠤᠯ ᠣᠯᠭᠤᠵᠤ᠂ ᠡᠷᠡᠯᠬᠡᠭᠯᠡᠨ ᠲᠡᠮᠡᠴᠡᠬᠦ ᠳᠤᠮᠳᠠ ᠬᠦᠴᠦᠨ ᠴᠢᠳᠠᠯ ᠪᠠ ᠬᠦᠰᠡᠯ ᠵᠡᠭᠦᠳᠦ ᠪᠠᠨ | ᠨᠢᠭᠲᠠᠷᠠᠭᠤᠯᠬᠤ ᠪᠣᠯᠤᠨ᠎ᠠ᠃ ᠪᠢᠳᠡ ᠬᠠᠮᠲᠤ ᠪᠠᠷ ᠬᠦᠰᠡᠯ ᠡᠷᠡᠮᠡᠯᠵᠡᠯ ᠢᠶᠠᠨ ᠡᠪᠦᠷᠯᠡᠨ᠂ ᠬᠤᠸᠠᠢ ᠱᠦᠸᠧ | ᠪᠠᠯᠭᠠᠰᠤᠨ ᠤ ᠡᠮᠡᠭᠲᠡᠶᠢᠴᠦᠳ ᠤᠨ ᠬᠦᠴᠦᠨ ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠨᠡᠩ ᠣᠷᠭᠢᠯᠤᠮ᠎ᠠ | ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠲᠡᠳᠡᠨ ᠤ ᠭᠡᠷᠡᠯ ᠰᠠᠴᠤᠷᠠᠩᠭᠤᠢ | ᠬᠠᠭᠤᠳᠠᠰᠤ ᠶᠢ ᠪᠢᠴᠢᠭᠯᠡᠶ᠎ᠡ︕ ᠬᠤᠸᠠᠢ ᠱᠦᠸᠧ ᠪᠠᠯᠭᠠᠰᠤᠨ ᠤ ᠮᠠᠷᠭᠠᠰᠢ ᠡᠨᠡ ᠪᠥᠮᠪᠦᠭᠡ ᠶᠢᠨ ᠤᠷᠤᠯᠳᠤᠭᠠᠨ ᠲᠠᠢ | ᠠᠳᠠᠯᠢ ᠠᠮᠢᠵᠢᠷᠠᠯ ᠤᠨ ᠬᠦᠴᠦᠨ᠂ ᠣᠷᠭᠢᠯᠤᠮ᠎ᠠ ᠰᠡᠳᠬᠢᠯᠭᠡ ᠪᠠ ᠬᠦᠰᠡᠯ ᠡᠷᠡᠮᠡᠯᠵᠡᠯ ᠢᠶᠠᠷ ᠪᠢᠯᠬᠠᠨ᠎ᠠ︕ | |