ᠪᠣᠯᠪᠠᠰᠤᠨ ᠭᠡᠷ ᠪᠦᠯᠢ - ᠳ᠋ᠦᠩ ᠷᠦᠩ ᠯᠢᠶᠠᠩ ᠶᠢᠨ ᠭᠡᠷ ᠪᠦᠯᠢ | ᠳ᠋ᠦᠩ ᠷᠦᠩ ᠯᠢᠶᠠᠩ ᠤᠨ ᠭᠡᠷ ᠪᠦᠯᠢ ᠰᠢ ᠳ᠋ᠧᠦ ᠫᠦ᠋ ᠪᠠᠯᠭᠠᠰᠤᠨ ᠤ ᠬᠤᠪᠲᠤ ᠲᠣᠰᠬᠤᠨ ᠤ ᠠᠷᠠᠳ ᠤᠨ | ᠵᠥᠪᠯᠡᠯ ᠳᠤ ᠪᠠᠶᠢᠷᠢᠯᠠᠵᠤ᠂ ᠲᠡᠳᠡ ᠬᠠᠤᠯᠢ ᠰᠠᠬᠢᠯᠭ᠎ᠠ ᠶᠢ ᠵᠢᠷᠤᠮᠯᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠬᠠᠯᠠᠭᠤᠨ ᠰᠡᠳᠬᠢᠯ ᠲᠠᠢ᠂ ᠭᠡᠷ ᠪᠦᠯᠢ ᠡᠶ᠎ᠡ ᠵᠣᠬᠢᠴᠠᠩᠭᠤᠢ᠂ ᠬᠥᠷᠰᠢ ᠵᠡᠷᠭᠡᠯᠡᠳᠡᠭᠡ ᠶᠢᠨ ᠬᠢᠨ ᠡᠶ᠎ᠡ ᠨᠠᠶᠢᠷᠲᠠᠢ᠂ | ᠠᠵᠢᠯᠴᠢ ᠠᠷᠪᠢᠴᠢ ᠪᠠᠷ ᠠᠵᠤ ᠲᠥᠷᠥᠵᠦ᠂ ᠪᠤᠰᠤᠳ ᠢ ᠬᠠᠪᠰᠤᠷᠬᠤ ᠰᠠᠶᠢᠨ ᠰᠠᠶᠢᠬᠠᠨ ᠵᠠᠩ ᠴᠢᠨᠠᠷ ᠢᠶᠠᠷ ᠬᠥᠷᠰᠢ | ᠵᠡᠷᠭᠡᠯᠡᠳᠡᠭᠡ ᠶᠢᠨ ᠬᠢᠨ ᠪᠠ ᠨᠡᠶᠢᠭᠡᠮ ᠤᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ ᠡᠬᠡᠨᠡᠷ ᠨᠢ ᠡᠶᠡᠯᠳᠡᠭ | ᠵᠥᠭᠡᠯᠡᠨ ᠢᠶᠠᠷ ᠬᠥᠮᠦᠨ ᠤ ᠰᠠᠨᠠᠭ᠎ᠠ ᠶᠢ ᠣᠶᠢᠯᠭᠠᠵᠤ ᠬᠥᠮᠦᠰ ᠤᠨ ᠬᠦᠨᠳᠦᠳᠬᠡᠯ ᠢ ᠣᠯᠵᠤ᠃ ᠣᠯᠠᠨ ᠵᠢᠯ ᠤᠨ | ᠲᠤᠷᠰᠢ᠂ ᠡᠷ᠎ᠡ ᠡᠮ᠎ᠡ ᠬᠤᠶᠠᠭᠤᠯᠠ ᠬᠠᠷᠢᠯᠴᠠᠨ ᠬᠦᠨᠳᠦᠳᠬᠡᠨ ᠬᠠᠶᠢᠷᠠᠯᠠᠵᠤ᠂ ᠬᠠᠶᠢᠷ᠎ᠠ ᠬᠠᠯᠠᠮᠵᠢ ᠶᠢ | ᠨᠡᠮᠡᠭᠳᠡᠭᠦᠯᠦᠭᠰᠡᠨ ᠪᠠᠶᠢᠨ᠎ᠠ᠃ ᠲᠡᠳᠡ ᠬᠡᠦᠬᠡᠳ ᠤᠨ ᠶᠣᠰᠣ ᠮᠣᠷᠠᠯ ᠵᠠᠩ ᠴᠢᠨᠠᠷ ᠪᠣᠯᠤᠨ ᠠᠮᠢᠳᠤᠷᠠᠯ ᠤᠨ ᠵᠠᠩ | ᠳᠠᠳᠬᠠᠯ ᠤᠨ ᠬᠥᠮᠦᠵᠢᠯ ᠢ ᠮᠠᠰᠢ ᠴᠢᠬᠤᠯᠠᠴᠢᠯᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠣ᠂ ᠬᠡᠦᠬᠡᠳ ᠲᠤ ᠪᠠᠨ | ᠰᠢᠯᠢᠳᠡᠭ ᠰᠠᠶᠢᠨ ᠰᠤᠷᠭᠠᠨ ᠬᠥᠮᠦᠵᠢᠯ ᠬᠦᠷᠲᠡᠭᠡᠪᠡ᠃ ᠣᠳᠣ ᠲᠡᠳᠡᠨ ᠤ ᠣᠮᠪᠣᠯᠣ ᠨᠢ ᠪᠦᠷ ᠲᠣᠭᠲᠠᠭᠤᠨ | ᠠᠵᠢᠯ ᠲᠠᠢ ᠪᠣᠯᠵᠤ᠂ ᠠᠵᠢᠯ ᠤᠨ ᠳᠤᠮᠳᠠ ᠯᠠᠪᠳᠠᠭᠤᠨ ᠬᠢᠨᠠᠮᠠᠭᠠᠢ ᠰᠢᠷᠭᠠᠭᠤ ᠠᠵᠢᠯᠯᠠᠵᠤ᠂ ᠠᠮᠢᠳᠤᠷᠠᠯ ᠤᠨ ᠳᠤᠮᠳᠠ | ᠰᠢᠷᠭᠠᠭᠤ ᠬᠠᠲᠠᠭᠤᠵᠢᠯᠲᠠᠢ ᠪᠠᠷ ᠨᠢᠭᠡᠨ ᠰᠠᠶᠢᠬᠠᠨ ᠡᠶ᠎ᠡ ᠨᠠᠶᠢᠷᠲᠠᠢ ᠰᠠᠶᠢᠬᠠᠨ ᠭᠡᠷ ᠪᠦᠯᠢ ᠶᠢ ᠬᠠᠮᠲᠤ ᠪᠠᠷ ᠪᠣᠢ | ᠪᠣᠯᠭᠠᠪᠠ᠃ | ᠰᠠᠶᠢᠨ ᠪᠡᠷᠢ - ᠴᠧᠨ ᠴᠢᠶᠣᠤ ᠶᠦᠨ | ᠰᠢ ᠳ᠋ᠧᠦ ᠫᠦ᠋ ᠪᠠᠯᠭᠠᠰᠤᠨ ᠤ ᠰᠢᠨ ᠮᠢᠨ ᠲᠣᠰᠬᠤᠨ ᠤ ᠠᠷᠠᠳ ᠤᠨ ᠵᠥᠪᠯᠡᠯ ᠳᠤ᠂ ᠴᠧᠨ ᠴᠢᠶᠣᠤ ᠶᠦᠨ ᠤ | ᠨᠡᠷ᠎ᠡ ᠪᠠᠷᠤᠭ ︽ᠰᠠᠶᠢᠨ ᠡᠬᠡᠨᠡᠷ︾ ᠤᠨ ᠳᠥᠯᠥᠭᠡᠨ ᠤ ᠨᠡᠷ᠎ᠡ ᠪᠣᠯᠪᠠ᠃ ᠬᠤᠷᠢᠮᠯᠠᠭᠰᠠᠨ ᠠᠴᠠ ᠨᠠᠰᠢ᠂ ᠲᠡᠷᠡ ᠡᠷ᠎ᠡ | ᠨᠥᠬᠦᠷ ᠢᠶᠠᠨ ᠬᠦᠨᠳᠦᠳᠬᠡᠵᠦ᠂ ᠡᠶ᠎ᠡ ᠵᠣᠬᠢᠴᠠᠩᠭᠤᠢ ᠪᠠᠷ ᠭᠡᠷ ᠪᠦᠯᠢ ᠪᠠᠶᠢᠭᠤᠯᠪᠠ᠃ ᠡᠷ᠎ᠡ ᠨᠥᠬᠦᠷ ᠨᠢ ᠤᠷᠲᠤ | ᠬᠤᠭᠤᠴᠠᠭ᠎ᠠ ᠪᠠᠷ ᠭᠠᠳᠠᠭᠰᠢ ᠠᠵᠢᠯᠯᠠᠵᠤ ᠪᠠᠶᠢᠭᠰᠠᠨ ᠪᠦᠭᠡᠳ ᠬᠦᠦ ᠨᠢ ᠴᠦ ᠭᠠᠳᠠᠭᠰᠢ ᠠᠵᠢᠯᠯᠠᠳᠠᠭ ᠪᠣᠯᠪᠠᠴᠤ | ᠴᠧᠨ ᠴᠢᠶᠣᠤ ᠶᠦᠨ ᠥᠴᠦᠬᠡᠨ ᠴᠦ ᠭᠤᠮᠣᠳᠠᠯ ᠦᠭᠡᠢ᠂ ᠭᠡᠷ ᠪᠦᠯᠢ ᠶᠢᠨ ᠬᠦᠨᠳᠦ ᠡᠭᠦᠷᠭᠡ ᠶᠢ ᠭᠠᠭᠴᠠᠭᠠᠷ | ᠡᠭᠦᠷᠭᠡᠯᠡᠵᠦ᠂ ᠭᠡᠷ ᠤᠨ ᠳᠣᠲᠣᠨ᠎ᠠ ᠭᠠᠳᠠᠨᠠᠬᠢ ᠨᠢ ᠡᠮᠬᠢ ᠴᠡᠭᠴᠡ ᠲᠠᠢ ᠪᠠᠶᠢᠳᠠᠭ᠃ ᠡᠭᠦᠨ ᠢᠶᠠᠷ ᠪᠠᠷᠠᠬᠤ ᠦᠭᠡᠢ᠂ | ᠴᠧᠨ ᠴᠢᠶᠣᠤ ᠶᠦᠨ ᠪᠠᠰᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠪᠠᠶᠢᠵᠤ᠂ | ᠦᠷᠭᠦᠯᠵᠢ ᠭᠠᠴᠠᠭᠠᠨ ᠤ ᠠᠷᠠᠳ ᠤᠨ ᠵᠥᠪᠯᠡᠯ ᠳᠤ ᠬᠠᠪᠰᠤᠷᠤᠨ ᠴᠡᠪᠡᠷᠯᠡᠳᠡᠭ᠃ ᠵᠡᠷᠭᠡᠯᠳᠡᠭᠡ ᠠᠶᠢᠯ ᠤᠳ ᠤᠨ | ᠲᠤᠰᠠᠯᠠᠮᠵᠢ ᠬᠦᠰᠡᠬᠦ ᠳᠤ᠂ ᠲᠡᠷᠡ ᠬᠡᠵᠢᠶᠡᠳᠡ ᠲᠠᠲᠠᠭᠠᠯᠵᠠᠯ ᠦᠭᠡᠢ ᠳᠠᠮᠵᠢᠨ᠂ ᠪᠦᠬᠦ ᠰᠡᠳᠭᠢᠯ ᠪᠦᠬᠦ | ᠴᠢᠳᠠᠯ ᠢᠶᠠᠷ ᠢᠶᠠᠨ ᠪᠤᠰᠤᠳ ᠢ ᠬᠠᠪᠰᠤᠷᠳᠠᠭ᠃ ᠲᠡᠭᠦᠨ ᠤ ᠬᠠᠯᠠᠭᠤᠨ ᠰᠡᠳᠬᠢᠯ ᠪᠣᠯᠤᠨ ᠦᠢᠯᠡ ᠠᠵᠢᠯᠯᠠᠭ᠎ᠠ ᠨᠢ | ᠬᠥᠷᠰᠢ ᠵᠡᠷᠭᠡᠯᠡᠳᠡᠭᠡ ᠶᠢᠨ ᠢᠶᠠᠨ ᠬᠠᠷᠢᠴᠠᠭ᠎ᠠ ᠶᠢ ᠡᠶ᠎ᠡ ᠡᠪᠲᠡᠢ ᠪᠣᠯᠭᠠᠵᠤ᠂ ᠳᠣᠲᠣᠨᠣ ᠨᠡᠶᠢᠵᠠ ᠨᠥᠬᠦᠳ | ᠪᠤᠯᠤᠯᠴᠠᠭᠰᠠᠨ ᠶᠤᠮ᠃ ᠲᠡᠭᠡᠭᠡᠳ ᠲᠡᠷᠡ᠄ ︽ᠡᠷ᠎ᠡ ᠨᠥᠬᠦᠷ ᠪᠤᠯᠤᠨ ᠬᠦᠦ ᠨᠢ ᠬᠠᠮᠲᠤ ᠪᠠᠶᠢᠭ᠎ᠠ ᠦᠭᠡᠢ ᠴᠦ᠂ | ᠬᠥᠷᠰᠢ ᠵᠡᠷᠭᠡᠯᠡᠳᠡᠭᠡ ᠠᠶᠢᠯ ᠨᠢ ᠮᠢᠨᠤ ᠭᠡᠷ ᠤᠨ ᠬᠥᠮᠦᠰ ᠲᠠᠢ ᠠᠳᠠᠯᠢ ᠪᠣᠯᠤᠨ᠎ᠠ︾ ᠭᠡᠵᠦ ᠰᠡᠳᠭᠢᠯ ᠲᠤᠭᠳᠤᠯᠤᠨ | ᠬᠡᠯᠡᠨ᠎ᠡ᠃ | ᠰᠠᠶᠢᠨ ᠬᠠᠳᠠᠮ ᠡᠵᠢ - ᠵᠢᠶᠠᠩ ᠮᠠ ᠸᠠᠩ | ᠵᠢᠶᠠᠩ ᠮᠠ ᠸᠠᠩ᠂ ᠰᠢ ᠳ᠋ᠧᠦ ᠫᠦ᠋ ᠪᠠᠯᠭᠠᠰᠤᠨ ᠤ ᠳ᠋ᠠ ᠡᠯ ᠹᠧᠨ ᠲᠣᠰᠬᠤᠨ ᠤ ᠵᠥᠪᠯᠡᠯ ᠤᠨ ᠬᠡᠪ ᠳᠠᠭᠤᠷᠢᠶᠠᠯ | ᠮᠦᠨ᠃ ᠲᠡᠷᠡ ︽ᠰᠢᠨ᠎ᠡ ᠪᠡᠷᠢ ᠨᠢ ᠣᠷᠣᠵᠤ ᠢᠷᠡᠪᠡᠯ ᠨᠢᠭᠡ ᠭᠡᠷ ᠤᠨ ᠢᠶᠠᠨ ᠳᠤᠲᠠᠭᠳᠠᠵᠤ ᠪᠣᠯᠤᠰᠢ ᠦᠭᠡᠢ | ᠭᠡᠰᠢᠭᠦᠨ ᠪᠣᠯᠬᠤ ᠪᠥᠭᠡᠳ ᠪᠠᠶᠢᠷᠢ ᠰᠠᠭᠤᠷᠢ ᠨᠢ ᠥᠪᠡᠷ ᠤᠨ ᠲᠥᠷᠥᠭᠰᠡᠨ ᠥᠬᠢᠨ ᠲᠠᠢ ᠠᠳᠠᠯᠢ ᠪᠣᠯᠬᠤ ᠬᠡᠷᠡᠭᠲᠡᠢ︾ | ᠭᠡᠵᠦ ᠬᠡᠯᠡᠵᠤ ᠪᠠᠶᠢᠪᠠ᠃ ᠲᠡᠷᠡ ᠢᠩᠭᠢᠵᠦ ᠪᠣᠳᠣᠬᠤ ᠪᠠᠷ ᠪᠠᠷᠠᠬᠤ ᠦᠭᠡᠢ᠂ ᠨᠡᠩ ᠴᠤ ᠪᠣᠳᠠᠲᠤ | ᠠᠵᠢᠯᠯᠠᠭ᠎ᠠ ᠪᠠᠷ ᠢᠶᠠᠨ ᠡᠨᠡ ᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠡᠢ᠃ ᠭᠡᠷ ᠲᠤ ᠪᠠᠨ ᠲᠡᠷᠡ ᠥᠴᠦᠬᠡᠨ ᠴᠦ | ᠲᠠᠲᠠᠭᠠᠯᠵᠠᠯ ᠦᠭᠡᠢ ᠪᠠᠷ ᠬᠦᠨᠳᠦ ᠨᠦᠰᠡᠷ ᠭᠡᠷ ᠤᠨ ᠠᠵᠢᠯ ᠢ ᠡᠭᠦᠷᠭᠡᠯᠡᠵᠦ᠂ ᠦᠷ᠎ᠡ ᠬᠡᠦᠬᠡᠳ ᠲᠠᠢ ᠪᠠᠨ ᠡᠷᠬᠡ | ᠲᠡᠭᠰᠢ ᠪᠠᠷ ᠭᠡᠷ ᠪᠦᠯᠢ ᠶᠢᠨ ᠬᠡᠷᠡᠭ ᠶᠠᠪᠤᠳᠠᠯ ᠢ ᠵᠥᠪᠳᠡᠯᠴᠡᠵᠦ᠂ ᠶᠡᠷᠦ ᠠᠴᠠ ᠠᠬᠠᠮᠠᠳ ᠬᠦᠮᠦᠨ ᠤ ᠤᠪᠤᠷ ᠭᠠᠷᠭᠠᠬᠤ | ᠦᠭᠡᠢ᠃ ᠲᠡᠭᠦᠨ ᠤ ᠭᠤᠶᠠᠴᠢ ᠦᠭᠡᠢ ᠵᠢᠳᠬᠦᠯ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯᠭᠡ ᠨᠢ ᠦᠷ᠎ᠡ | ᠬᠡᠦᠬᠡᠳ ᠤᠨ ᠢᠶᠠᠨ ᠭᠦᠨ ᠠᠴᠢᠯᠠᠯ ᠢ ᠤᠯᠵᠠᠢ᠃ ᠢᠯᠠᠩᠭᠤᠶ᠎ᠠ ᠬᠦᠦ ᠪᠡᠷᠢ ᠨᠢ ᠬᠠᠳᠠᠮ ᠡᠬᠡ ᠶᠢᠨ ᠢᠶᠠᠨ ᠦᠪᠡᠷ ᠤᠨ | ᠦᠷ᠎ᠡ ᠬᠡᠦᠬᠡᠳ ᠮᠡᠲᠦ ᠥᠪᠡᠷ ᠤᠨ ᠪᠡᠶ᠎ᠡ ᠳᠡᠭᠡᠨ ᠬᠠᠨᠳᠤᠳᠠᠭ ᠭᠡᠳᠡᠭ ᠢ ᠭᠦᠨ ᠣᠶᠢᠯᠠᠭᠠᠵᠤ ᠪᠠᠶᠢᠨ᠎ᠠ᠂ ᠡᠶᠢᠮᠦ ᠠᠴᠠ | ᠬᠠᠳᠠᠮ ᠡᠬᠡ ᠪᠠᠨ ᠨᠡᠩ ᠴᠤ ᠬᠦᠨᠳᠦᠯᠡᠵᠦ᠂ ᠭᠡᠷ ᠪᠦᠯᠢ ᠳᠠᠬᠢ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠡᠴᠢᠭᠡ | ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠪᠤᠢ ᠪᠣᠯᠭᠠᠭᠰᠠᠨ ᠪᠠᠶᠢᠨ᠎ᠠ᠃ | |