︽ᠪᠠᠯᠭᠠᠰᠤ᠂ ᠪᠠᠩᠬᠢ᠂ ᠲᠠᠷᠢᠶᠠᠯᠠᠩ᠂ ᠠᠵᠤ ᠠᠬᠤᠶᠢᠯᠠᠯ︾ ᠳᠥᠷᠪᠡᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠪᠡ
ᠨᠡᠶᠢᠲᠡᠯᠡᠭᠰᠡᠨ ᠴᠠᠭ᠄
2025/3/11
    ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠎ᠠ᠂ ᠡᠨᠡ ᠵᠢᠯ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠪᠠᠰᠠ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠦᠬᠦ ᠬᠦᠴᠦᠨ ᠢᠶᠠᠷ ᠢᠶᠠᠨ ᠳᠠᠮᠵᠢᠵᠤ᠂ ᠮᠥᠩᠭᠦᠨ ᠭᠦᠢᠯᠭᠡᠭᠡᠨ ᠤ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠵᠠ ᠲᠣᠬᠢᠶᠠᠯ ᠪᠣᠯᠤᠨ᠎ᠠ᠂ 2 ᠰᠠᠷ᠎ᠠ ᠶᠢᠨ 26 ᠤ ᠡᠳᠦᠷ ᠪᠦᠬᠦ ᠬᠤᠲᠠ ᠶᠢᠨ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠳᠡᠭᠡᠷ᠎ᠡ᠂ ᠳ᠋ᠢᠩ ᠰᠢᠤ ᠹᠧᠩ ᠱᠦᠵᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠴᠢᠳᠠᠮᠠᠭᠠᠢ ᠪᠠᠷ ᠬᠡᠷᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠮᠥᠩᠭᠦᠨ ᠭᠦᠢᠯᠭᠡᠭᠡᠨ ᠤ ᠦᠢᠯᠡᠰ ᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤᠮᠳᠠᠬᠢ ︽ᠴᠢᠰᠤ ᠶᠡᠭᠦᠯᠡᠬᠦ︾ ᠲᠤᠯᠭᠠᠭᠤᠷᠢᠯᠠᠯ᠂ ︽ᠴᠢᠰᠤ ᠪᠦᠲᠦᠭᠡᠬᠦ︾ ᠴᠢᠳᠠᠪᠤᠷᠢ ᠣᠯᠭᠤᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠰᠢ ᠳ᠋ᠧᠦ ᠫᠦ᠋ ᠪᠠᠯᠭᠠᠰᠤ ᠶᠢᠨ ︽ᠪᠠᠯᠭᠠᠰᠤ᠂ ᠪᠠᠩᠬᠢ᠂ ᠲᠠᠷᠢᠶᠠᠯᠠᠩ᠂ ᠠᠵᠤ ᠠᠬᠤᠶᠢᠯᠠᠯ︾ ᠳᠥᠷᠪᠡᠨ ᠲᠠᠯ᠎ᠠ ᠶᠢ ᠵᠣᠯᠭᠠᠭᠤᠯᠬᠤ ᠦᠢᠯᠡᠴᠢᠯᠡᠭᠡᠨ ᠤ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ᠂ ᠭᠦᠶᠡᠩ ᠤᠨ ᠬᠤᠯᠪᠣᠭᠠᠲᠤ ᠬᠤᠷᠰᠢᠶ᠎ᠡ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠵᠤᠤ ᠵᠦᠩ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠦᠶᠡᠩ ᠰᠠᠯᠪᠤᠷᠢ ᠪᠠᠩᠬᠢ ᠶᠢᠨ ᠳᠡᠳ᠋ ᠳᠠᠷᠤᠭ᠎ᠠ ᠵᠠᠩ ᠭᠦᠸᠧ ᠵᠢᠶᠣᠤ ᠬᠤᠷᠠᠯ ᠳᠤ ᠣᠷᠣᠯᠴᠠᠵᠤ᠂ ᠡᠯ᠎ᠡ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠡᠷᠬᠢᠯᠡᠭᠴᠢ᠂ ᠰᠢ ᠳ᠋ᠧᠦ ᠫᠦ᠋ ᠪᠠᠯᠭᠠᠰᠤ ᠶᠢᠨ ᠡᠯ᠎ᠡ ᠲᠣᠰᠬᠤᠨ ᠤ ᠲᠠᠷᠢᠮᠠᠯ ᠤᠨ ᠲᠣᠮᠣ ᠡᠷᠦᠬᠡ᠂ ᠲᠠᠷᠢᠶᠠᠯᠠᠩ ᠤᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠬᠤᠷᠠᠯ ᠳᠤ ᠤᠷᠤᠯᠴᠠᠭᠰᠠᠨ ᠪᠠᠶᠢᠨ᠎ᠠ᠃    ᠬᠤᠷᠠᠯ ᠳᠡᠭᠡᠷ᠎ᠡ᠂ ᠡᠯ᠎ᠡ ᠵᠦᠢᠯ ᠤᠨ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠠᠷᠢᠶᠠᠯᠠᠩ ᠤᠨ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠣᠶᠢᠷ᠎ᠠ ᠶᠢᠨ ᠬᠡᠳᠦᠨ ᠵᠢᠯ ᠳᠤ ᠡᠯ᠎ᠡ ᠲᠣᠮᠣ ᠪᠠᠩᠬᠢ ᠶᠢᠨ ᠭᠠᠷᠭᠠᠭᠰᠠᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠦᠢᠯᠡᠳᠬᠦᠨ᠂ ︽ᠨᠢᠭᠡ ᠥᠷᠲᠡᠭᠡ ᠮᠠᠶ᠋ᠢᠭ︾᠂ ︽ᠦᠢᠯᠡᠴᠢᠯᠡᠭᠡᠨ ᠢ ᠭᠡᠷ ᠲᠤᠨᠢ ᠬᠦᠷᠭᠡᠬᠦ︾ ᠮᠥᠩᠭᠦᠨ ᠭᠦᠢᠯᠭᠡᠭᠡᠨ ᠤ ᠦᠢᠯᠡᠴᠢᠯᠡᠭᠡ ᠵᠢᠴᠢ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠳᠤ ᠮᠠᠰᠢ ᠬᠠᠨᠤᠮᠵᠢᠲᠠᠢ ᠪᠠᠶᠢᠬᠤ ᠪᠠᠨ ᠢᠯᠡᠳᠬᠡᠵᠦ᠂ ᠮᠥᠨ ᠴᠦ ᠮᠥᠩᠭᠦᠨ ᠭᠦᠢᠯᠭᠡᠭᠡᠨ ᠤ ᠳᠡᠮᠵᠢᠯᠭᠡ ᠪᠠᠷ ᠲᠠᠷᠢᠶᠠᠯᠠᠩ ᠤᠨ ᠬᠥᠭᠵᠢᠯᠲᠡ ᠳᠤ ᠡᠨᠧᠷᠭᠢ ᠣᠯᠭᠤᠬᠤ ᠲᠠᠯ᠎ᠠ ᠪᠠᠷ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠪᠦᠲᠦᠭᠡᠭᠳᠡᠬᠦᠨ ᠤ ᠥᠪᠡᠷᠮᠢᠴᠡ ᠣᠨᠴᠠᠯᠢᠭ ᠲᠠᠢ᠂ ᠠᠮᠢᠳᠤᠯᠢᠭ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠲᠥᠯᠥᠭᠡᠯᠡᠭᠴᠢᠳ ᠬᠠᠮᠤᠭ ᠤᠨ ᠣᠯᠠᠨ ᠰᠣᠯᠢᠯᠴᠠᠭ᠎ᠠ ᠬᠢᠵᠡᠢ᠂ ᠬᠤᠩ ᠨᠢ ᠵᠢᠩ ᠲᠣᠰᠬᠤᠨ ᠤ ᠲᠠᠷᠢᠮᠠᠯ ᠤᠨ ᠲᠣᠮᠣ ᠡᠷᠦᠬᠡ ᠵᠣᠣ ᠯᠦᠩ ᠬᠡᠯᠡᠬᠦ ᠳᠡᠭᠡᠨ᠄ ︽ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠬᠡᠯᠪᠡᠯᠵᠡᠯ ᠨᠡᠯᠢᠶᠡᠳ ᠶᠡᠭᠡ᠂ ᠲᠤᠬᠠᠢ ᠶᠢᠨ ᠵᠢᠯ ᠳᠤ ᠣᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠨᠢ ᠳᠣᠣᠷ᠎ᠠ ᠪᠣᠯᠬᠤᠷ ᠪᠢᠳᠡ ᠴᠥᠮ ᠬᠤᠳᠠᠯᠳᠤᠭᠰᠠᠨ ᠦᠭᠡᠢ᠂ ᠪᠢᠳᠡᠨ ᠤ ᠪᠤᠴᠠᠭᠠᠬᠤ ᠵᠣᠭᠤᠰ ᠢ ᠨᠥᠯᠥᠭᠡᠯᠡᠭᠰᠡᠨ ᠪᠠᠶᠢᠨ᠎ᠠ᠃ ᠮᠠᠨ ᠤ ᠵᠢᠭᠡᠯᠡᠯᠭᠡ ᠶᠢᠨ ᠬᠡᠷᠡᠭᠯᠡᠬᠦ ᠬᠤᠭᠤᠴᠠᠭ᠎ᠠ ᠨᠢ ᠲᠤᠯᠪᠠᠯ ᠡᠷᠬᠡᠪᠰᠢ ᠴᠠᠭ ᠲᠤᠬᠠᠢ ᠳᠤᠨᠢ ᠪᠤᠴᠠᠭᠠᠬᠤ ᠬᠡᠷᠡᠭᠲᠡᠢ᠃ ᠵᠣᠭᠤᠰ ᠪᠤᠴᠠᠭᠠᠪᠠᠯ ᠰᠡᠭᠦᠯ ᠤᠨ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠢᠳᠡ ᠪᠠᠰᠠ ᠪᠡᠯᠡ ᠮᠥᠩᠭᠦ ᠲᠤᠳᠠᠭᠳᠠᠨ᠎ᠠ᠃ ᠬᠡᠷᠬᠢᠨ ᠮᠠᠨ ᠤ ᠵᠣᠭᠤᠰ ᠪᠤᠴᠠᠭᠠᠬᠤ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ ᠵᠣᠭᠤᠰ ᠪᠤᠴᠠᠭᠠᠬᠤ ᠦᠶᠡᠯᠡᠯ ᠤᠨ ᠬᠤᠭᠤᠴᠠᠭ᠎ᠠ ᠶᠢ ᠲᠤᠬᠢᠷᠠᠭᠤᠯᠵᠤ᠂ ᠮᠠᠨ ᠤ ᠲᠠᠷᠢᠶᠠᠯᠠᠩ ᠢ ᠬᠥᠭᠵᠢᠭᠦᠯᠬᠦ ᠳᠤ ᠰᠠᠨᠠᠭᠠᠰᠢᠷᠠᠬᠤ ᠦᠭᠡᠢ ᠪᠤᠯᠭᠠᠬᠤ ᠪᠤᠯᠤᠭᠠᠰᠠᠢ︾ ᠭᠡᠵᠡᠢ᠃ ᠬᠤᠷᠢᠶ᠎ᠡ    ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠬᠡᠷᠬᠢᠨ ᠴᠢᠩᠭᠠᠳᠬᠠᠵᠤ ᠬᠤᠯᠪᠣᠭᠠᠯᠠᠨ ᠲᠠᠷᠢᠶᠠᠯᠠᠩ ᠢ ᠲᠤᠰᠠᠯᠠᠬᠤ ᠶᠢ ᠪᠡᠶᠡᠯᠡᠭᠦᠯᠬᠦ᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠪᠣᠯ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢᠨ ᠨᠡᠯᠢᠶᠡᠳ ᠠᠩᠬᠠᠷᠴᠤ ᠪᠠᠶᠢᠭ᠎ᠠ ᠭᠤᠣᠯᠳᠠᠯᠭ᠎ᠠ ᠪᠣᠯᠤᠨ᠎ᠠ᠂ ᠰᠢᠨ ᠮᠢᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠰᠢᠶᠠᠩ ᠵᠢᠶᠦ᠋ᠨ᠄ ︽ᠣᠨᠴᠠ ᠵᠠᠷᠢᠮ ᠲᠠᠷᠢᠶᠠᠴᠢᠨ ᠡᠷᠦᠬᠡ ᠵᠢᠭᠡᠯᠡᠯᠭᠡ ᠠᠪᠴᠤ ᠪᠠᠷᠠᠭᠰᠠᠨ ᠤ ᠳᠠᠷᠠᠭ᠎ᠠ᠂ ᠵᠢᠭᠡᠯᠡᠯᠭᠡ ᠶᠢᠨ ᠬᠡᠷᠡᠭᠴᠡᠭᠡ ᠶᠢ ᠶᠡᠷᠦ ᠠᠴᠠ ᠬᠦᠯᠢᠶᠡᠨ ᠠᠪᠴᠤ ᠳᠡᠶᠢᠯᠬᠦ ᠡᠯ᠎ᠡ ᠲᠥᠷᠥᠯ ᠤᠨ ᠣᠬᠤᠷ ᠮᠡᠳᠡᠭᠡ ᠶᠢ ᠪᠠᠰᠠ ᠳᠠᠭᠠᠯᠳᠤᠭᠤᠯᠤᠨ ᠬᠤᠯᠪᠣᠵᠤ᠂ ᠪᠢᠳᠡ ᠴᠥᠮ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠴᠠᠭ ᠲᠤᠬᠠᠢ ᠳᠤᠨᠢ ᠬᠢᠭᠰᠡᠨ ᠪᠥᠭᠡᠳ ᠪᠠᠰᠠ ᠪᠠᠩᠬᠢ ᠠᠴᠠ ᠲᠠᠷᠢᠶᠠᠯᠠᠩ ᠳᠤ ᠬᠤᠯᠪᠣᠭᠳᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶ᠎ᠡ ᠳᠤ ᠴᠦ ᠡᠨᠡ ᠲᠠᠯ᠎ᠠ ᠶᠢᠨ ᠤᠬᠠᠭᠤᠯᠭ᠎ᠠ ᠶᠢ ᠢᠯᠡᠭᠦᠬᠡᠨ ᠴᠢᠩᠭᠠᠳᠬᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃    ᠡᠯ᠎ᠡ ᠪᠠᠩᠬᠢ ᠶᠢᠨ ᠲᠥᠯᠥᠭᠡᠯᠡᠭᠴᠢ ᠡᠩ ᠲᠡᠷᠢᠭᠦᠨ ᠳᠤ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠤᠰᠠᠯᠠᠬᠤ ᠠᠵᠢᠯ ᠢ ᠴᠢᠬᠤᠯᠠᠴᠢᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠥᠭᠡᠳ ᠲᠠᠷᠢᠮᠠᠯ ᠤᠨ ᠲᠣᠮᠣ ᠡᠷᠦᠬᠡ᠂ ᠠᠵᠤ ᠠᠬᠤᠶᠢᠯᠠᠯ ᠤᠨ ᠣᠯᠠᠨ ᠵᠢᠯ ᠤᠨ ᠲᠤᠷᠰᠢᠬᠢ ᠢᠲᠡᠭᠡᠯ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠶᠠᠷᠢᠯᠴᠠᠬᠤ ᠬᠤᠷᠠᠯ ᠳᠡᠭᠡᠷ᠎ᠡ ᠲᠠᠷᠢᠮᠠᠯ ᠤᠨ ᠲᠣᠮᠣ ᠡᠷᠦᠬᠡ ᠵᠢᠴᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠢᠭᠰᠡᠨ ᠠᠰᠠᠭᠤᠳᠠᠯ ᠤᠨ ᠲᠤᠬᠠᠢ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠭᠦᠶᠡᠩ ᠤᠨ ᠬᠤᠯᠪᠣᠭᠠᠲᠤ ᠬᠤᠷᠰᠢᠶ᠎ᠡ ᠶᠢᠨ ᠨᠠᠮ ᠤᠨ ᠬᠤᠷᠢᠶᠠᠨ ᠤ ᠱᠦᠵᠢ ᠵᠠᠩ ᠴᠤᠤ ᠽᠠᠢ᠂ ᠥᠨᠥᠳᠦᠷ ᠰᠢ ᠳ᠋ᠧᠦ ᠫᠦ᠋ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠪᠠᠶᠢᠭᠤᠯᠤᠭᠰᠠᠨ ᠦᠢᠯᠡᠴᠢᠯᠡᠭᠡ ᠶᠢ ᠵᠣᠯᠭᠠᠭᠤᠯᠬᠤ ᠲᠠᠪᠴᠠᠩ ᠨᠢ ᠪᠢᠳᠡᠨ ᠢ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ ᠣᠯᠠᠨ ᠲᠦᠮᠡᠨ ᠤ ᠮᠥᠩᠭᠦᠨ ᠭᠦᠢᠯᠭᠡᠭᠡᠨ ᠤ ᠬᠡᠷᠡᠭᠴᠡᠭᠡ ᠶᠢ ᠣᠶᠢᠯᠠᠭᠠᠭᠤᠯᠵᠤ᠂ ᠲᠠᠷᠢᠶᠠᠯᠠᠩ ᠤᠨ ᠬᠥᠭᠵᠢᠯᠲᠡ ᠶᠢᠨ ᠣᠨᠴᠠᠭᠠᠢ ᠴᠢᠨᠠᠷ ᠲᠤ ᠴᠢᠭᠯᠡᠭᠦᠯᠦᠨ᠂ ᠭᠦᠶᠡᠩ ᠤᠨ ᠬᠤᠯᠪᠣᠭᠠᠲᠤ ᠬᠤᠷᠰᠢᠶ᠎ᠡ‌ᠨᠢ ᠪᠣᠳᠠᠲᠤ ᠬᠡᠷᠡᠭᠴᠡᠭᠡ ᠳᠤ ᠨᠡᠶᠢᠴᠡᠭᠰᠡᠨ ᠠᠯᠢ ᠣᠯᠠᠨ ᠥᠪᠡᠷᠮᠢᠴᠡ ᠵᠢᠭᠡᠯᠡᠯᠭᠡ ᠶᠢᠨ ᠦᠢᠯᠡᠳᠬᠦᠨ ᠢ ᠭᠠᠷᠭᠠᠵᠤ᠂ ᠬᠡᠷᠡᠭᠯᠡᠬᠦ ᠬᠤᠭᠤᠴᠠᠭᠠᠨ ᠤ ᠴᠠᠭ ᠬᠤᠭᠤᠴᠠᠭ᠎ᠠ᠂ ᠴᠤᠪᠤᠷᠠᠯ ᠤᠨ ᠦᠢᠯᠡᠴᠢᠯᠡᠭᠡ ᠶᠢ ᠴᠥᠮ ᠰᠢᠯᠢᠳᠡᠭᠵᠢᠭᠦᠯᠦᠭᠰᠡᠨ ᠭᠡᠵᠦ ᠢᠯᠡᠳᠬᠡᠪᠡ᠃ ᠳᠠᠷᠠᠭ᠎ᠠ ᠨᠢ ᠡᠯ᠎ᠡ ᠪᠠᠩᠬᠢ ᠲᠤᠰᠬᠠᠶᠢᠯᠠᠨ ᠲᠠᠷᠢᠵᠤ ᠲᠡᠵᠢᠭᠡᠨ ᠦᠷᠡᠵᠢᠭᠦᠯᠬᠦ ᠠᠵᠢᠯ ᠲᠥᠷᠥᠯ ᠤᠨ ᠲᠥᠯᠥᠭᠡ ᠲᠣᠭᠲᠠᠭᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠪᠠ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠢᠭᠡᠳ ᠨᠢᠭᠡ ᠪᠠᠷ ᠲᠠᠨᠢᠯᠴᠠᠭᠤᠯᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠮᠥᠩᠭᠦ ᠶᠢᠨ ᠨᠣᠷᠮ᠎ᠠ ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠬᠠᠮᠤᠷᠤᠭᠰᠠᠨ ᠪᠥᠭᠡᠳ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠬᠦ᠂ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠵᠣᠭᠤᠰ ᠪᠤᠴᠠᠭᠠᠬᠤ ᠠᠮᠢᠳᠤᠯᠢᠭ ᠠᠷᠭ᠎ᠠ ᠮᠠᠶ᠋ᠢᠭ ᠢ ᠬᠠᠩᠭᠠᠬᠤ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ ᠥᠭᠪᠡ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠯᠢᠩ ᠪᠢᠨ ᠰᠣᠯᠢᠯᠴᠠᠭᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠮᠥᠩᠭᠦᠨ ᠭᠦᠢᠯᠭᠡᠭᠡᠨ ᠢᠶᠠᠷ ᠲᠠᠷᠢᠶᠠᠯᠠᠩ ᠢ ᠲᠡᠳᠬᠦᠵᠦ ᠲᠠᠷᠢᠶᠠᠯᠠᠩ ᠢ ᠬᠥᠭᠵᠢᠭᠦᠯᠬᠦ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠮᠥᠨ᠂ ᠪᠠᠰᠠ ᠴᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠬᠦᠴᠦᠨ ᠮᠥᠨ᠂ ᠲᠤᠰ ᠤᠳᠠᠭ᠎ᠠ ᠶᠢᠨ ᠵᠣᠯᠭᠠᠯᠴᠠᠭ᠎ᠠ ᠨᠢ ᠨᠡᠩ ᠴᠤ ᠪᠢᠳᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠠᠶᠠᠨ ᠵᠠᠮ ᠳᠠᠬᠢ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠨᠢᠭᠡ ᠳᠤ ᠡᠯ᠎ᠡ ᠲᠣᠮᠣ ᠪᠠᠩᠬᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠮᠥᠩᠭᠦᠨ ᠭᠦᠢᠯᠭᠡᠭᠡᠨ ᠤ ᠲᠠᠷᠢᠶᠠᠯᠠᠩ ᠢ ᠳᠡᠮᠵᠢᠵᠦ ᠲᠠᠷᠢᠶᠠᠯᠠᠩ ᠢ ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠥᠩᠭᠦᠨ ᠭᠦᠢᠯᠭᠡᠭᠡᠨ ᠤ ︿ᠲᠠᠪᠤᠨ ᠶᠡᠭᠡ ᠠᠵᠢᠯ﹀ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠭᠠᠷ ᠭᠦᠢᠴᠡᠳᠬᠡᠯ ᠤᠨ ᠶᠠᠪᠤᠴᠠ ᠶᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠮᠠᠨ ᠤ ᠪᠠᠯᠭᠠᠰᠤᠨ ᠤ ᠲᠠᠷᠢᠶᠠᠯᠠᠩ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ︔ ᠬᠤᠶᠠᠷ ᠲᠤ᠂ ᠪᠠᠯᠭᠠᠰᠤ᠂ ᠲᠣᠰᠬᠤᠨ ᠤ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠩᠬᠢ᠂ ᠬᠤᠷᠰᠢᠶ᠎ᠡ ᠂ ᠲᠠᠷᠢᠶᠠᠯᠠᠩ ᠤᠨ ᠠᠵᠤ ᠠᠬᠤᠶᠢᠯᠠᠯ ᠪᠠ ᠲᠠᠷᠢᠶᠠᠴᠢᠨ ᠡᠷᠦᠬᠡ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠵᠣᠯᠭᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠵᠢᠭᠡᠯᠡᠯᠭᠡ ᠶᠢᠨ ᠬᠡᠷᠡᠭᠴᠡᠭᠡ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠣᠨᠣᠪᠴᠢᠲᠠᠢ ᠬᠠᠷᠢᠭᠤ ᠲᠤᠰᠬᠠᠬᠤ ᠶᠢᠨ ᠬᠠᠮᠲᠤ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠳᠬᠦᠨ᠂ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠳᠥᠭᠦᠮ ᠣᠶᠢᠯᠠᠭᠠᠮᠵᠢᠲᠠᠢ ᠪᠠᠷ ᠲᠠᠷᠢᠶᠠᠴᠢᠨ ᠡᠷᠦᠬᠡ ᠳᠤ ᠳᠠᠮᠵᠢᠭᠤᠯᠵᠤ᠂ ᠪᠠᠩᠬᠢ ᠪᠠ ᠲᠤᠬᠠᠢ ᠶᠢᠨ ᠭᠠᠵᠠᠷ ᠤᠨ ᠠᠷᠠᠳ ᠣᠯᠠᠨ ᠳᠤ ᠢᠳᠡᠪᠬᠢᠲᠡᠢ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠠᠮᠤᠷ ᠲᠦᠪᠰᠢᠨ᠂ ᠲᠣᠭᠲᠠᠭᠤᠨ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠪᠣᠢ ᠪᠣᠯᠭᠠᠵᠤ᠂ ᠠᠷᠠᠳ ᠣᠯᠠᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠨᠡᠪᠲᠡᠷᠡᠭᠦᠯᠬᠦ ᠡᠴᠦᠰ ᠤᠨ ᠨᠢᠭᠡ ᠺᠢᠯᠣᠮᠧ᠊ᠲᠷ ᠢ ᠢᠳᠡᠪᠬᠢᠲᠡᠢ ᠪᠠᠷ ᠨᠡᠪᠲᠡᠷᠡᠭᠦᠯᠬᠦ ᠬᠡᠷᠡᠭᠲᠡᠢ᠃ ᠭᠤᠷᠪᠠ ᠳᠤ᠂ ᠬᠤᠷᠰᠢᠶ᠎ᠡ᠂ ᠲᠠᠷᠢᠶᠠᠯᠠᠩ ᠤᠨ ᠠᠵᠤ ᠠᠬᠤᠶᠢᠯᠠᠯ ᠪᠣᠯ ᠲᠠᠷᠢᠶᠠᠯᠠᠩ ᠤᠨ ᠡᠵᠡᠩᠨᠡᠯᠲᠡ ᠬᠥᠭᠵᠢᠯᠲᠡ ᠶᠢᠨ ᠰᠢᠨ᠎ᠡ ᠬᠡᠯᠪᠡᠷᠢ ᠶᠢᠨ ᠭᠤᠣᠯ ᠴᠣᠭᠴᠠ ᠮᠥᠨ᠂ ᠪᠠᠩᠬᠢ ᠲᠠᠢ ᠢᠳᠡᠪᠬᠢᠲᠡᠢ ᠵᠣᠯᠭᠠᠭᠤᠯᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠪᠡᠯᠡ ᠮᠥᠩᠭᠦ ᠶᠢ ᠵᠣᠬᠢᠰᠲᠠᠢ ᠠᠰᠢᠭᠯᠠᠨ ᠲᠡᠷᠢᠭᠦᠨ ᠤ ᠮᠡᠷᠭᠡᠵᠢᠯ ᠪᠣᠯᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠣᠯᠤᠨ ᠦᠢᠯᠡᠳᠬᠦᠨ ᠤ ᠨᠡᠮᠡᠯᠲᠡ ᠥᠷᠲᠡᠭ ᠢ ᠴᠢᠩᠭᠠᠳᠬᠠᠵᠤ᠂ ᠨᠡᠩ ᠣᠯᠠᠨ ᠲᠠᠷᠢᠶᠠᠴᠢᠨ ᠡᠷᠦᠬᠡ ᠶᠢ ᠳᠠᠶᠢᠴᠢᠯᠠᠨ ᠬᠠᠮᠲᠤᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠥᠷᠭᠡᠨ ᠣᠯᠠᠨ ᠲᠠᠷᠢᠶᠠᠴᠢᠨ ᠡᠷᠦᠬᠡ ᠮᠥᠩᠭᠦᠨ ᠭᠦᠢᠯᠭᠡᠭᠡᠨ ᠤ ᠤᠬᠠᠮᠰᠠᠷ ᠢᠶᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠮᠡᠳᠡᠯᠭᠡ ᠶᠢ ᠣᠶᠢᠯᠠᠭᠠᠵᠤ᠂ ᠮᠥᠩᠭᠦᠨ ᠭᠦᠢᠯᠭᠡᠭᠡᠨ ᠤ ᠪᠠᠭᠠᠵᠢ ᠶᠢ ᠵᠣᠬᠢᠰᠲᠠᠢ ᠠᠰᠢᠭᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ ᠂ ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠢ ᠪᠠᠲᠤᠯᠠᠵᠤ᠂ ᠪᠡᠯᠡ ᠬᠤᠷᠠᠮᠳᠤᠭᠤᠯᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠶᠢᠨ ᠬᠠᠮᠲᠤ ᠡᠷᠬᠡᠪᠰᠢ ᠮᠡᠬᠡᠯᠡᠯ ᠢ ᠡᠰᠡᠷᠭᠦᠴᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠤᠪᠢ ᠬᠥᠮᠦᠨ ᠤ ᠡᠳ᠋ ᠬᠥᠷᠥᠩᠭᠡ ᠶᠢᠨ ᠬᠠᠮᠠᠭᠠᠯᠠᠯᠲᠠ ᠶᠢ ᠴᠢᠬᠤᠯᠠᠴᠢᠯᠠᠬᠤ ᠬᠡᠷᠡᠭᠲᠡᠢ ᠬᠡᠵᠡᠢ᠃ ᠬᠠᠮᠤᠭ ᠤᠨ ᠰᠡᠭᠦᠯ ᠳᠤ᠂ ᠲᠤᠰ ᠤᠳᠠᠭᠠᠨ ᠤ ᠬᠠᠮᠲᠤᠷᠠᠯᠴᠠᠭ᠎ᠠ ᠨᠢ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠡᠯᠡ ᠮᠥᠩᠭᠦ ᠶᠢᠨ ᠪᠣᠭᠤᠮᠢ ᠶᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠂ ᠪᠠᠰᠠ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠵᠦ᠂ ᠪᠢᠳᠡ ᠦᠷᠭᠦᠯᠵᠢᠯᠡᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠨ᠎ᠡ᠃    ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠲᠤᠰ ᠤᠳᠠᠭ᠎ᠠ ᠶᠢᠨ ᠵᠣᠯᠭᠠᠭᠤᠯᠬᠤ ᠬᠤᠷᠠᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠣᠯᠤᠯᠴᠠᠭ᠎ᠠ ᠵᠣᠯᠭᠠᠯᠴᠠᠭ᠎ᠠ ᠶᠢᠨ ᠨᠠᠷᠢᠨ ᠵᠦᠢᠯᠡᠰ ᠢ ᠨᠠᠷᠢᠯᠢᠬᠵᠢᠭᠤᠯᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠵᠤ᠂ ᠮᠠᠨ ᠤ ᠪᠠᠯᠭᠠᠰᠤᠨ ᠤ ᠮᠥᠩᠭᠦᠨ ᠭᠦᠢᠯᠭᠡᠭᠡᠨ ᠤ ᠲᠠᠷᠢᠶᠠᠯᠠᠩ ᠢ ᠲᠤᠰᠠᠯᠠᠬᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠲᠠᠷᠢᠶᠠᠴᠢᠳ ᠲᠤ ᠠᠰᠢᠭ ᠬᠦᠷᠲᠡᠭᠡᠬᠦ ᠵᠠᠭᠪᠤᠷ ᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号