3 ᠰᠠᠷ᠎ᠠ ᠶᠢᠨ 6 ᠤ ᠡᠳᠦᠷ᠂ ᠭᠦᠶᠡᠩ ᠰᠢᠶᠠᠨ ᠤ ᠰᠢᠩ ᠱᠦᠨ ᠰᠢ ᠪᠠᠯᠭᠠᠰᠤᠨ ᠤ ᠬᠠᠳᠠᠨ ᠬᠤᠰᠢᠭᠤ | ᠲᠤᠰᠬᠤᠨ ᠤ ᠬᠥᠭᠵᠢᠯᠲᠡ ᠶᠢᠨ ᠬᠦᠰᠢᠶ᠎ᠡ - ᠺᠠᠩ ᠲᠤ ᠭᠧᠦ ᠲᠡᠵᠢᠭᠡᠨ ᠦᠷᠡᠵᠢᠭᠦᠯᠬᠦ ᠲᠠᠯᠠᠪᠠᠢ ᠶᠢᠨ | ᠬᠠᠮᠲᠤᠷᠠᠯᠴᠠᠭᠠᠨ ᠤ ᠬᠡᠯᠡᠯᠴᠡᠭᠡᠷ ᠢ ᠵᠢᠩᠬᠢᠨᠢ ᠪᠠᠷ ᠨᠠᠶᠢᠳᠠᠪᠤᠷᠢᠵᠢᠭᠤᠯᠪᠠ᠃ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠤᠷᠰᠢᠶᠠᠵᠢᠯ ᠪᠣᠯᠤᠨ ᠨᠤᠲᠤᠭ ᠤᠨ ᠰᠦᠯᠵᠢᠶᠡᠴᠢᠨ ︽ᠭᠦᠸᠧ ᠯᠧᠢ ᠭᠦᠸᠧ ᠯᠧᠢ︾ ᠶᠢᠨ | ᠬᠠᠮᠲᠤᠷᠠᠯᠴᠠᠭ᠎ᠠ ᠨᠢ᠂ 2 ᠵᠢᠯ ᠤᠨ ᠰᠤᠯᠠ ᠪᠠᠶᠢᠭ᠎ᠠ 3000 ᠲᠡᠭᠰᠢ ᠳᠥᠷᠪᠡᠯᠵᠢᠨ ᠮ᠊ᠸᠲᠷ ᠤᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢ ᠳᠠᠬᠢᠨ ᠠᠮᠢᠵᠢᠷᠠᠯ ᠤᠨ ᠬᠦᠴᠦᠨ ᠲᠠᠢ ᠪᠣᠯᠭᠠᠬᠤ ᠪᠠᠷ | ᠪᠠᠷᠠᠬᠤ ᠦᠭᠡᠢ᠂ ︽ᠡᠯᠧᠺ᠊ᠲᠷᠤᠨ ᠬᠤᠳᠠᠯᠳᠤᠭᠠᠨ ᠤ ᠤᠷᠤᠰᠬᠠᠯ ᠤᠨ ᠬᠠᠮᠲᠤ ᠶᠢᠨ ᠡᠳ᠋ ᠬᠥᠷᠥᠩᠭᠡ ᠶᠢᠨ | ᠲᠠᠷᠢᠶᠠᠴᠢᠨ ᠡᠷᠦᠬᠡ ᠶᠢᠨ ᠦᠢᠯᠡᠳᠪᠦᠷᠢᠯᠡᠯ︾ ᠤᠨ ᠠᠭᠤᠰᠤᠯᠴᠠᠨ ᠬᠥᠭᠵᠢᠬᠦ ᠵᠠᠭᠪᠤᠷ ᠢ ᠨᠡᠩ ᠰᠢᠨ᠎ᠡ ᠪᠠᠷ ᠡᠭᠦᠳᠦᠨ | ᠪᠠᠶᠢᠭᠤᠯᠵᠤ᠂ ︽1 ᠡᠯᠧ᠊ᠺᠲᠷᠤᠨ ᠬᠤᠳᠠᠯᠳᠤᠭᠠᠨ ᠤ ᠲᠥᠪ + 1 ᠲᠠᠬᠢᠶ᠎ᠠ ᠲᠡᠵᠢᠭᠡᠨ ᠦᠷᠡᠵᠢᠭᠦᠯᠬᠦ | ᠲᠠᠯᠠᠪᠠᠢ + 30 ᠲᠡᠵᠢᠭᠡᠨ ᠦᠷᠡᠵᠢᠭᠦᠯᠬᠦ ᠨᠢᠭᠡᠴᠢ︾ ᠶᠢᠨ ᠦᠢᠯᠡᠳᠪᠦᠷᠢᠯᠡᠯ ᠤᠨ ᠲᠣᠣᠷ ᠢᠶᠠᠷ ᠳᠠᠮᠵᠢᠭᠤᠯᠤᠨ᠂ | ᠵᠢᠱᠢᠯᠲᠡ ᠪᠠᠷ ᠵᠢᠯ ᠪᠦᠷᠢ 4000 ᠲᠠᠬᠢᠶ᠎ᠠ ᠂ 15 ᠲᠦᠮᠡᠨ ᠲᠠᠬᠢᠶᠠᠨ ᠦᠨᠳᠡᠭᠡ ᠶᠢ ᠪᠣᠷᠣᠯᠠᠭᠤᠯᠵᠤ᠂ | ᠲᠣᠰᠬᠤᠨ ᠤ ᠬᠠᠮᠲᠤ ᠶᠢᠨ ᠣᠷᠣᠯᠭ᠎ᠠ ᠶᠢ 4 ᠲᠦᠮᠡᠨ ᠲᠥᠭᠦᠷᠢᠭ ᠨᠡᠮᠡᠭᠳᠡᠭᠦᠯᠵᠦ᠂ ᠡᠷᠦᠬᠡ ᠶᠢ ᠳᠠᠶᠢᠴᠢᠯᠠᠨ | ᠳᠤᠮᠳᠠᠴᠢ ᠣᠷᠣᠯᠭ᠎ᠠ ᠶᠢ 3000 ᠲᠥᠭᠦᠷᠢᠭ ᠨᠡᠮᠡᠭᠳᠡᠭᠦᠯᠬᠦ ᠪᠣᠯᠤᠨ᠎ᠠ᠃ | ᠡᠶᠢᠮᠦᠷᠬᠦ ︽ᠰᠠᠭᠤᠷᠢ ᠶᠢ ᠪᠠᠲᠤᠯᠠᠬᠤ + ᠠᠰᠢᠭ ᠤᠯᠵᠠᠪᠤᠷᠢ ᠶᠢᠨ ᠬᠤᠪᠢᠳᠠᠯ︾ ᠤᠨ ᠬᠠᠮᠲᠤᠷᠠᠯᠴᠠᠭᠠᠨ ᠤ | ᠵᠠᠭᠪᠤᠷ ᠨᠢ ᠬᠠᠮᠲᠤ ᠶᠢᠨ ᠡᠳ᠋ ᠬᠥᠷᠥᠩᠭᠡ ᠶᠢᠨ ᠥᠷᠲᠡᠭ ᠤᠨ ᠨᠡᠮᠡᠭᠳᠡᠯ ᠢ ᠪᠠᠲᠤᠯᠠᠬᠤ ᠪᠠᠷ ᠪᠠᠷᠠᠬᠤ ᠦᠭᠡᠢ ᠪᠠᠰᠠ | ᠲᠠᠷᠢᠶᠠᠴᠢᠨ ᠡᠷᠦᠬᠡ ᠶᠢᠨ ︽ᠲᠦᠭᠰᠢᠭᠦᠷᠢ ᠦᠭᠡᠢ︾ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠨ᠎ᠡ᠃ | | |