ᠡᠶᠡᠳᠡᠭᠦᠯᠭᠡ ᠶᠢᠨ ᠰᠡᠳᠦᠪ ᠢ ᠰᠠᠶᠢᠲᠤᠷ ᠬᠠᠷᠢᠭᠤᠯᠵᠤ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ - ︽ᠰᠢᠩ ᠹᠧᠩ ᠴᠢᠶᠣᠤ ᠶᠢᠨ ᠣᠯᠠᠨ ᠡᠰᠢᠲᠦ ᠡᠶᠡᠳᠡᠭᠦᠯᠭᠡ ᠶᠢᠨ ᠲᠠᠰᠤᠭ︾ ᠫᠠᠶᠢᠰᠠ ᠡᠯᠭᠦᠨ ᠪᠠᠶᠢᠭᠤᠯᠤᠭᠳᠠᠭᠰᠠᠨ ᠨᠢᠭᠡ ᠵᠢᠯ ᠤᠨ ᠤᠢ
ᠨᠡᠶᠢᠲᠡᠯᠡᠭᠰᠡᠨ ᠴᠠᠭ᠄
2025/3/11
    2024 ᠣᠨ ᠠᠴᠠ ᠣᠳᠣ ᠪᠣᠯᠲᠠᠯ᠎ᠠ᠂ ︽ᠰᠢᠩ ᠹᠧᠩ ᠴᠢᠶᠣᠣ ᠶᠢᠨ ᠣᠯᠠᠨ ᠡᠰᠢᠲᠦ ᠡᠶᠡᠳᠡᠭᠦᠯᠭᠡ ᠶᠢᠨ ᠲᠠᠰᠤᠭ︾ ᠫᠠᠶᠢᠰᠠ ᠡᠯᠭᠦᠨ ᠪᠠᠶᠢᠭᠤᠯᠤᠭᠳᠠᠭᠰᠠᠨ ᠪᠥᠭᠡᠳ ᠪᠠᠰᠠ ᠨᠢᠭᠡ ᠵᠢᠯ ᠤᠨ ᠤᠢ ᠪᠤᠯᠵᠠᠢ᠃ ᠲᠤᠰ ᠡᠶᠡᠳᠡᠭᠦᠯᠬᠦ ᠲᠠᠰᠤᠭ ᠪᠣᠯ ᠰᠢᠩ ᠱᠦᠨ ᠰᠢ ᠪᠠᠯᠭᠠᠰᠤᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠪᠠᠯᠭᠠᠰᠤᠨ ᠤ ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠲᠠᠢ ᠬᠤᠯᠪᠣᠭᠠᠯᠠᠨ ᠰᠢᠨ᠎ᠡ ᠴᠠᠭ ᠦᠶ᠎ᠡ ᠶᠢᠨ ᠹᠧᠩ ᠴᠢᠶᠣᠤ ᠶᠢᠨ ᠲᠤᠷᠰᠢᠯᠭ᠎ᠠ ᠲᠠᠢ ᠨᠢᠭᠲᠠ ᠤᠶᠠᠯᠳᠤᠭᠤᠯᠤᠨ ᠪᠠᠶᠢᠭᠤᠯᠤᠭᠰᠠᠨ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠲᠠᠪᠴᠠᠩ ᠪᠣᠯᠤᠨ᠎ᠠ᠃    ᠡᠶᠡᠳᠡᠭᠦᠯᠬᠦ ᠲᠠᠰᠤᠭ ᠨᠢ ︽ᠵᠥᠷᠢᠴᠡᠯ ᠢ ᠦᠨᠳᠦᠰᠦᠨ ᠱᠠᠲᠤᠨ ᠳᠤ ᠠᠷᠢᠯᠭᠠᠵᠤ᠂ ᠡᠶ᠎ᠡ ᠵᠣᠬᠢᠴᠠᠯ ᠲᠠᠢ ᠲᠣᠭᠲᠠᠭᠤᠨ ᠳᠡᠷᠭᠡᠳᠡ ᠨᠢ ᠪᠠᠶᠢᠬᠤ︾ ᠪᠠᠷ ᠵᠣᠷᠢᠯᠲᠠ ᠪᠣᠯᠭᠠᠵᠤ᠂ ᠣᠯᠠᠨ ᠡᠰᠢᠲᠦ ᠭᠤᠣᠯ ᠴᠣᠭᠴᠠ ᠶᠢᠨ ᠣᠷᠣᠯᠴᠠᠭᠰᠠᠨ ᠶᠡᠭᠡ ᠡᠶᠡᠳᠡᠭᠦᠯᠬᠦ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠪᠠᠯᠭᠠᠰᠤᠨ ᠳᠤ ᠰᠠᠭᠤᠭ᠎ᠠ ᠥᠷᠲᠡᠭᠡ ᠭᠠᠵᠠᠷ᠂ ᠪᠠᠯᠭᠠᠰᠤ ᠲᠣᠰᠬᠤᠨ ᠤ ᠺᠠᠳ᠋ᠷ᠂ ᠬᠠᠤᠯᠢ ᠶᠢᠨ ᠶᠠᠪᠤᠳᠠᠯ ᠵᠡᠷᠭᠡ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠵᠠᠰᠠᠭ ᠵᠠᠬᠢᠷᠭᠠᠨ ᠤ ᠡᠶᠡᠳᠡᠭᠦᠯᠭᠡ᠂ ᠠᠷᠠᠳ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠡᠷᠭᠡ ᠡᠯ᠎ᠡ ᠲᠥᠷᠥᠯ ᠤᠨ ᠡᠶᠡᠳᠡᠭᠦᠯᠬᠦ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠦᠴᠦᠷᠬᠡᠭ ᠶᠡᠭᠡ ᠡᠶᠡᠳᠡᠭᠦᠯᠬᠦ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠳᠠᠯᠢ ᠪᠤᠰᠤ ᠲᠠᠯ᠎ᠠ ᠠᠴᠠ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠲᠤᠰᠬᠠᠢ ᠮᠡᠷᠭᠡᠵᠢᠯ ᠤᠨ ᠳᠡᠮᠵᠢᠯᠭᠡ ᠬᠠᠩᠭᠠᠪᠠ᠃    2025 ᠣᠨ ᠤ 3 ᠰᠠᠷ᠎ᠠ ᠶᠢᠨ 6 ᠤ ᠡᠳᠦᠷ᠂ ᠰᠢᠩ ᠱᠦᠨ ᠰᠢ ᠲᠣᠰᠬᠤᠨ ᠤ ᠠᠷᠠᠳ ᠤᠨ ᠵᠥᠪᠯᠡᠯ ᠤᠨ ᠨᠢᠭᠡᠨ ᠠᠶᠢᠯ ᠲᠣᠰᠬᠤᠨ ᠳᠤ ᠲᠤᠰᠬᠠᠶᠢᠯᠠᠨ ᠬᠡᠮᠡᠷᠯᠢᠭ ᠲᠤᠭ ᠵᠣᠬᠢᠶᠠᠵᠤ ᠲᠣᠰᠬᠤᠨ ᠤ ᠠᠷᠠᠳ ᠺᠠᠩ ᠣᠪᠣᠭᠲᠤ ᠵᠡᠷᠭᠡ ᠬᠥᠮᠦᠰ ᠨᠠᠶᠢᠳᠠᠨ ᠬᠦᠷᠭᠡᠵᠦ᠂ ᠪᠠᠯᠭᠠᠰᠤᠨ ᠤ ᠨᠠᠮ ᠤᠨ ᠬᠤᠷᠢᠶ᠎ᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠢᠯ ᠤᠨ ᠡᠮᠦᠨᠡᠬᠢ ᠯᠠ ᠰᠠᠷ᠎ᠠ ᠶᠢᠨ ᠬᠤᠷᠢᠨ ᠳᠥᠷᠪᠡᠨ ᠳᠤ᠂ ᠲᠣᠰᠬᠤᠨ ᠤ ᠠᠷᠠᠳ ᠲᠣᠰᠬᠤᠨ ᠤ ᠳᠠᠭᠠᠭᠠᠴᠢᠯᠠᠭᠰᠠᠨ ᠭᠠᠵᠠᠷ ᠤᠨ ᠳᠠᠩᠰᠠ ᠶᠢ ᠪᠠᠰᠠ ᠪᠣᠳᠣᠵᠤ ᠳᠡᠶᠢᠯᠦᠭᠰᠡᠨ ᠦᠭᠡᠢ᠂ ᠤᠷᠮ᠎ᠠ ᠬᠤᠭᠤᠷᠠᠵᠤ ᠪᠠᠶᠢᠯ᠎ᠠ᠃ ᠨᠢᠳᠤᠨᠤᠨ ᠳᠠᠭᠠᠭᠠᠴᠢᠯᠠᠭᠰᠠᠨ ᠬᠤᠳᠠᠯᠳᠤᠭᠠᠴᠢᠨ ᠲᠣᠰᠬᠤᠨ ᠳᠤ 132 ᠮᠦ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠰᠦᠢᠳᠬᠡᠯ ᠢ ᠢᠯᠡᠭᠦᠦ ᠥᠭᠴᠦ᠂ ᠵᠣᠭᠤᠰ ᠬᠤᠪᠢᠶᠠᠬᠤ ᠦᠶ᠎ᠡ ᠳᠤ ᠬᠠᠷᠢᠨ ᠲᠣᠰᠬᠤᠨ ᠤ ᠠᠷᠠᠳ ᠲᠤ ᠬᠤᠪᠢᠶᠠᠨ ᠥᠭᠭᠦᠭᠰᠡᠨ ᠦᠭᠡᠢ᠃ ᠳᠠᠭᠠᠭᠠᠴᠢᠯᠠᠭᠰᠠᠨ ᠭᠠᠵᠠᠷ ᠤᠨ ᠵᠣᠭᠤᠰ ᠢ ᠴᠥᠮ ᠲᠣᠰᠬᠤᠨ ᠤ ᠳᠠᠷᠤᠭ᠎ᠠ ᠶᠢᠨ ᠳᠠᠩᠰᠠᠨ ᠡᠷᠦᠬᠡ ᠳᠤ ᠣᠷᠣᠭᠤᠯᠵᠤ᠂ ᠲᠣᠰᠬᠤᠨ ᠤ ᠠᠷᠠᠳ ᠲᠣᠰᠬᠤᠨ ᠤ ᠳᠠᠷᠤᠭ᠎ᠠ ᠠᠴᠠ ᠠᠰᠠᠭᠤᠪᠠᠯ᠂ ᠲᠣᠰᠬᠤᠨ ᠤ ᠳᠠᠷᠤᠭ᠎ᠠ ᠣᠯᠠᠨ ᠢᠶᠠᠷ ᠢᠶᠠᠨ ᠭᠠᠳᠠᠭᠰᠢ ᠳᠠᠭᠠᠭᠠᠴᠢᠯᠠᠭᠰᠠᠨ ᠮᠦ ᠶᠢᠨ ᠲᠤᠭ᠎ᠠ ᠪᠠ ᠶᠡᠷᠦᠩᠬᠡᠢ ᠳᠠᠩᠰᠠᠨ ᠳᠤ ᠲᠠᠭᠠᠷᠠᠵᠤ ᠳᠡᠶᠢᠯᠬᠦ ᠦᠭᠡᠢ ᠪᠠᠶᠢᠨ᠎ᠠ ᠭᠡᠵᠦ ᠬᠡᠯᠡᠪᠡ᠃ ᠡᠭᠦᠨ ᠠᠴᠠ ᠬᠤᠶᠢᠰᠢ ᠲᠣᠰᠬᠤᠨ ᠤ ᠠᠷᠠᠳ ᠪᠣᠯᠤᠨ ᠲᠣᠰᠬᠤᠨ ᠤ ᠳᠠᠷᠤᠭ᠎ᠠ ᠵᠢᠭᠤᠷᠠᠯᠳᠤᠭᠠᠨ ᠡᠭᠦᠰᠴᠦ᠂ ᠲᠣᠰᠬᠤᠨ ᠤ ᠠᠷᠠᠳ ᠤᠨ ᠵᠥᠪᠯᠡᠯ ᠪᠡᠶ᠎ᠡ ᠪᠠᠷ ᠢᠶᠠᠨ ᠡᠶᠡᠳᠡᠭᠦᠯᠦᠭᠡᠳ ᠪᠦᠲᠦᠬᠦ ᠦᠭᠡᠢ ᠪᠠᠶᠢᠵᠤ᠂ ᠵᠢᠭᠤᠷᠠᠯᠳᠤᠭᠠᠨ ᠢ ︽ᠰᠢᠩ ᠹᠧᠩ ᠴᠢᠶᠣᠤ ᠶᠢᠨ ᠣᠯᠠᠨ ᠡᠰᠢᠲᠦ ᠡᠶᠡᠳᠡᠭᠦᠯᠦᠭᠰᠡᠨ︾ ᠲᠠᠰᠤᠭ ᠲᠤ ᠰᠢᠯᠵᠢᠭᠦᠯᠦᠨ ᠰᠢᠢᠳᠪᠦᠷᠢᠯᠡᠭᠦᠯᠬᠦ ᠪᠠᠷ ᠰᠢᠯᠵᠢᠭᠦᠯᠦᠨ ᠲᠤᠰᠢᠶᠠᠪᠠ᠃    ᠡᠶᠡᠳᠡᠭᠦᠯᠭᠡ ᠬᠢᠭᠰᠡᠨ ᠡᠨᠡ ᠡᠳᠦᠷ᠂ 10 ᠭᠠᠷᠤᠢ ᠲᠣᠰᠬᠤᠨ ᠤ ᠠᠷᠠᠳ ᠨᠢᠭᠡ ᠨᠢᠭᠡ ᠪᠠᠷ ᠢᠶᠠᠨ ᠪᠤᠯᠢᠶᠠᠯᠳᠤᠨ ᠥᠪᠡᠷ ᠤᠨ ᠰᠠᠨᠠᠯ ᠤᠨ ᠦᠵᠡᠯᠲᠡ ᠪᠠᠨ ᠶᠠᠷᠢᠵᠠᠭᠠᠪᠠ᠃ ᠪᠠᠯᠭᠠᠰᠤᠨ ᠤ ᠨᠠᠮ ᠤᠨ ᠬᠤᠷᠢᠶ᠎ᠡ᠂ ᠰᠢᠭᠦᠬᠦ ᠲᠢᠩᠬᠢᠮ᠂ ᠬᠠᠤᠯᠢ ᠴᠠᠭᠠᠵᠠ ᠶᠢᠨ ᠭᠠᠵᠠᠷ᠂ ᠲᠣᠰᠬᠤᠨ ᠤ ᠨᠠᠮ ᠤᠨ ᠬᠤᠷᠢᠶ᠎ᠡ ᠶᠢᠨ ᠬᠠᠮᠲᠤᠷᠠᠨ ᠪᠦᠷᠢᠯᠳᠦᠭᠰᠡᠨ ᠡᠶᠡᠳᠡᠭᠦᠯᠬᠦ ᠡᠩᠨᠡᠭᠡ ᠨᠢ ᠡᠶᠡᠳᠡᠭᠦᠯᠬᠦ ᠶᠠᠪᠤᠴᠠ ᠶᠢᠨ ᠶᠣᠰᠣᠭᠠᠷ᠂ ᠤᠴᠢᠷ ᠶᠠᠪᠤᠳᠠᠯ ᠤᠨ ᠤᠭ ᠰᠢᠯᠲᠠᠭᠠᠨ ᠢ ᠨᠠᠷᠢᠨ ᠠᠰᠠᠭᠤᠨ ᠯᠠᠪᠯᠠᠵᠤ᠂ ᠬᠤᠶᠠᠷ ᠲᠠᠯ᠎ᠠ ᠶᠢᠨ ᠲᠤᠰᠢᠶᠠᠭᠰᠠᠨ ᠭᠠᠵᠠᠷ ᠳᠠᠭᠠᠭᠠᠴᠢᠯᠠᠭᠰᠠᠨ ᠡᠬᠡ ᠳᠠᠩᠰᠠ ᠶᠢ ᠨᠠᠷᠢᠨ ᠬᠢᠨᠠᠮᠠᠭᠠᠢ ᠡᠮᠬᠢᠯᠡᠨ ᠲᠢᠭᠯᠡᠵᠦ᠂ ᠡᠷᠦᠬᠡ ᠪᠦᠷᠢ ᠶᠢᠨ ᠳᠠᠭᠠᠭᠠᠴᠢᠯᠠᠭᠰᠠᠨ ᠭᠠᠵᠠᠷ ᠤᠨ ᠮᠦ ᠪᠦᠷᠢ ᠶᠢᠨ ᠲᠤᠭ᠎ᠠ᠂ ᠳᠠᠭᠠᠭᠠᠴᠢᠯᠠᠭᠰᠠᠨ ᠵᠠᠷᠤᠳᠠᠯ ᠤᠨ ᠵᠣᠭᠤᠰ ᠤᠨ ᠲᠤᠭ᠎ᠠ ᠶᠢ ᠨᠢᠭᠡᠳ ᠨᠢᠭᠡ ᠪᠠᠷ ᠬᠠᠷᠭᠤᠭᠤᠯᠤᠨ ᠪᠤᠳᠤᠪᠠ᠃ ᠡᠴᠦᠰ ᠲᠤ᠂ ᠨᠢᠭᠡ ᠦᠳᠡ ᠶᠢᠨ ᠬᠤᠶᠢᠨ᠎ᠠ ᠳᠠᠩᠰᠠ ᠬᠠᠷᠭᠤᠭᠤᠯᠬᠤ ᠪᠠᠷ ᠳᠠᠮᠵᠢᠨ᠂ ᠬᠡᠰᠡᠭ ᠭᠠᠵᠠᠷ ᠤᠨ ᠵᠣᠭᠤᠰ ᠢ ᠲᠣᠰᠬᠤᠨ ᠤ ᠠᠷᠠᠳ ᠲᠤ ᠲᠠᠷᠬᠠᠭᠠᠭᠰᠠᠨ ᠦᠭᠡᠢ ᠪᠣᠳᠠᠲᠤ ᠬᠡᠷᠡᠭ ᠦᠨᠡᠨ ᠬᠦ ᠣᠷᠣᠰᠢᠵᠤ ᠪᠠᠶᠢᠬᠤ ᠶᠢ ᠪᠠᠶᠢᠴᠠᠭᠠᠨ ᠲᠣᠳᠣᠯᠠᠵᠤ᠂ ᠵᠥᠪᠳᠡᠯᠴᠡᠭᠡ ᠪᠠᠷ ᠳᠠᠮᠵᠢᠨ᠂ ᠲᠣᠰᠬᠤᠨ ᠤ ᠳᠠᠷᠤᠭ᠎ᠠ ᠲᠣᠰᠬᠤᠨ ᠤ ᠠᠷᠠᠳ ᠲᠠᠢ ᠬᠡᠯᠡᠯᠴᠡᠭᠡᠷ ᠲᠣᠭᠲᠠᠵᠤ᠂ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠰᠢᠢᠳᠪᠦᠷᠢᠯᠡᠪᠡ᠃    ᠣᠳᠣ ᠪᠣᠯᠲᠠᠯ᠎ᠠ᠂ ︽ᠰᠢᠩ ᠹᠧᠩ ᠴᠢᠶᠣᠣ ᠶᠢᠨ ᠣᠯᠠᠨ ᠡᠰᠢᠲᠦ ᠡᠶᠡᠳᠡᠭᠦᠯᠭᠡ ᠶᠢᠨ ᠲᠠᠰᠤᠭ︾ ᠨᠡᠶᠢᠲᠡ 180 ᠭᠠᠷᠤᠢ ᠤᠳᠠᠭ᠎ᠠ ᠣᠯᠠᠨ ᠲᠦᠮᠡᠨ ᠤ ᠰᠤᠷᠪᠤᠯᠵᠢᠯᠠᠭ᠎ᠠ᠂ ᠯᠠᠪᠯᠠᠭ᠎ᠠ ᠶᠢ ᠬᠦᠯᠢᠶᠡᠨ ᠠᠪᠴᠤ᠂ 50 ᠭᠠᠷᠤᠢ ᠬᠡᠷᠡᠭ ᠢ ᠠᠮᠵᠢᠯᠲᠠ ᠲᠠᠢ ᠪᠠᠷ ᠡᠶᠡᠳᠡᠭᠦᠯᠦᠨ᠂ ᠡᠶᠡᠳᠡᠭᠦᠯᠭᠡ ᠶᠢᠨ ᠵᠣᠭᠤᠰ ᠤᠨ ᠲᠤᠭ᠎ᠠ ᠨᠢ 760 ᠭᠠᠷᠤᠢ ᠲᠦᠮᠡᠨ ᠲᠥᠭᠦᠷᠢᠭ ᠢ ᠳᠠᠪᠠᠵᠤ᠂ ᠵᠢᠭᠤᠷᠠᠯᠳᠤᠭᠠᠨ ᠤ ᠵᠠᠷᠭᠤ ᠶᠢᠨ ᠨᠣᠷᠮ᠎ᠠ ᠪᠠ ᠰᠤᠷᠪᠤᠯᠵᠢᠯᠠᠭ᠎ᠠ ᠶᠢᠨ ᠨᠣᠷᠮ᠎ᠠ ᠶᠢ ᠪᠦᠲᠦᠮᠵᠢᠲᠡᠢ ᠪᠠᠭᠤᠷᠠᠭᠤᠯᠪᠠ᠃    ᠢᠷᠡᠭᠡᠳᠦᠢ ᠶᠢᠨ ᠠᠵᠢᠯ ᠤᠨ ᠳᠤᠮᠳᠠ᠂ ︽ᠰᠢᠩ ᠹᠧᠩ ᠴᠢᠶᠣᠣ ᠶᠢᠨ ᠣᠯᠠᠨ ᠡᠰᠢᠲᠦ ᠡᠶᠡᠳᠡᠭᠦᠯᠭᠡ ᠶᠢᠨ ᠲᠠᠰᠤᠭ︾ ᠨᠢ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠣᠨᠣᠯᠵᠢᠬᠤᠨ ᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤᠨ ᠤ ᠣᠯᠠᠨ ᠡᠰᠢᠲᠦ ᠡᠶᠡᠳᠡᠭᠦᠯᠭᠡ ᠶᠢᠨ ᠵᠠᠭᠪᠤᠷ ᠢ ᠲᠠᠰᠤᠷᠠᠯᠲᠠ ᠥᠬᠡᠶ ᠰᠦᠪᠡᠭᠴᠢᠯᠡᠨ ᠲᠡᠭᠦᠯᠳᠡᠷᠵᠢᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠦᠨᠳᠦᠰᠦᠨ ᠱᠠᠲᠤᠨ ᠤ ᠨᠡᠶᠢᠭᠡᠮ ᠤᠨ ᠣᠷᠴᠢᠨ ᠨᠥᠬᠦᠴᠡᠯ ᠢ ᠪᠣᠢ ᠪᠣᠯᠭᠠᠬᠤ ᠳᠤ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢᠨ ᠦᠨᠳᠦᠰᠦᠨ ᠱᠠᠲᠤᠨ ᠳᠤ ᠠᠮᠢᠳᠤᠯᠢᠭ ᠦᠢᠯᠡᠳᠦᠯᠭᠡ ᠶᠢᠨ ᠦᠯᠢᠭᠡᠷ ᠳᠠᠭᠤᠷᠢᠶᠠᠯ ᠪᠤᠯᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号