3 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠶᠣᠣ ᠵᠢᠶᠦ᠋ᠨ ᠵᠢᠶᠧ ᠰᠢᠶᠠᠨ ᠤ | ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠬᠤᠷᠠᠯ ᠤᠨ ᠨᠢᠭᠡᠳᠦᠭᠡᠷ ᠤᠳᠠᠭ᠎ᠠ ᠶᠢᠨ ᠪᠦᠭᠦᠳᠡ ᠬᠤᠷᠠᠯ᠂ ᠰᠢᠶᠠᠨ ᠤ ᠨᠠᠮ ᠤᠨ ᠬᠤᠷᠢᠶ᠎ᠡ ᠶᠢᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠪᠣᠯᠤᠨ ᠰᠢᠶᠠᠨ ᠤ ᠨᠠᠮ ᠤᠨ | ᠬᠤᠷᠢᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ | ᠤᠳᠠᠭ᠎ᠠ ᠶᠢᠨ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ | ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢᠨ᠎ᠡ ᠴᠠᠭ ᠦᠶ᠎ᠡ ᠶᠢᠨ ᠲᠠᠷᠢᠶᠠᠯᠠᠬᠤ | ᠣᠷᠣᠨ ᠤ ᠠᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠨᠢᠭᠡ ᠳᠤ᠂ ᠪᠢᠴᠢᠭ | ᠮᠠᠲ᠋ᠧᠷᠢᠶᠠᠯ ᠠᠴᠠ ᠠᠰᠢᠭ ᠣᠯᠵᠤ᠂ ᠪᠡᠯᠡ ᠮᠥᠩᠭᠦ ᠡᠷᠢᠵᠦ᠂ ᠭᠦᠶᠡᠩ ᠤᠨ ᠪᠣᠳᠠᠲᠤ ᠪᠠᠶᠢᠳᠠᠯ ᠳᠤ ᠰᠠᠭᠤᠷᠢᠯᠠᠨ᠂ | ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠣᠨᠴᠠᠯᠢᠭᠲᠤ ᠠᠵᠤ ᠦᠢᠯᠡᠰ ᠢ ᠪᠠᠶᠢᠷᠢᠯᠠᠭᠤᠯᠬᠤ ᠬᠡᠷᠡᠭᠲᠡᠢ᠃ ᠬᠤᠶᠠᠷ ᠲᠤ᠂ ᠪᠢᠴᠢᠭ ᠮᠠᠲ᠋ᠧᠷᠢᠶᠠᠯ ᠠᠴᠠ ᠵᠢᠮ᠎ᠡ | ᠶᠣᠰᠣ ᠶᠢ ᠡᠷᠢᠵᠦ᠂ ᠭᠠᠷᠳᠠᠴᠠ ᠡᠷᠢᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ | ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ ᠲᠣᠭᠤᠷᠢᠨ ᠳᠤ | ᠭᠦᠨᠵᠡᠭᠡᠢ ᠪᠣᠳᠣᠯᠬᠢᠯᠠᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ | ︽ᠲᠠᠶᠢᠯᠬᠤ ᠰᠡᠳᠬᠢᠬᠦᠢ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠷᠠᠯ ᠠᠴᠠ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ | ᠣᠷᠣᠯᠴᠠᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠦᠨᠳᠦᠰᠦᠨ ᠠᠵᠤ ᠠᠬᠤᠢ ᠶᠢᠨ ᠳᠦᠷᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠭᠦᠷᠭᠡᠯᠡᠯ ᠪᠠ ᠬᠤᠪᠢ ᠨᠡᠮᠡᠷᠢ ᠶᠢ ᠵᠣᠷᠢᠭᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠬᠤᠸᠠ ᠸᠧᠢ ᠵᠡᠷᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠠᠤᠭ᠎ᠠ ᠶᠡᠭᠡ | ᠬᠠᠷᠠᠭᠠᠰᠤ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠠᠰᠠᠭᠤᠳᠠᠯ ᠢ ᠣᠨᠣᠪᠴᠢᠲᠠᠢ ᠡᠵᠡᠮᠳᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠠᠮᠵᠢᠵᠤ | ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠨᠡᠩ ᠶᠡᠭᠡ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ᠃ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ | ᠮᠡᠳᠡᠭᠳᠡᠵᠦ᠂ 2025 ᠣᠨ ᠤ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠠᠵᠢᠯ ᠪᠣᠯᠤᠨ ︽ᠪᠦᠬᠦ | ᠤᠯᠤᠰ ᠤᠨ ᠬᠤᠶᠠᠷ ᠬᠤᠷᠠᠯ︾ ᠤᠨ ᠵᠠᠬᠢᠳᠠᠯ ᠰᠤᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ | ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠶᠢ | ᠲᠣᠪᠤᠶᠢᠯᠭᠠᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠠᠶᠢᠩᠭᠤ ᠬᠢᠵᠦ᠂ ᠡᠳᠦᠷ | ᠲᠤᠲᠤᠮ ᠤᠨ ᠠᠵᠢᠯ ᠢ ᠡᠷᠬᠡᠪᠰᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠤᠴᠢᠷ ᠶᠠᠪᠤᠳᠠᠯ ᠢ ᠬᠠᠮᠢᠶᠠᠷᠬᠤ | ᠬᠥᠮᠦᠨ ᠲᠠᠢ᠂ ᠤᠴᠢᠷ ᠶᠠᠪᠤᠳᠠᠯ ᠢ ᠰᠢᠢᠳᠪᠦᠷᠢᠯᠡᠬᠦ ᠶᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠤᠭᠤᠲᠤ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠠᠢ᠃ ᠬᠤᠷᠠᠯ ᠠᠴᠠ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ | ᠬᠥᠭᠵᠢᠯᠲᠡ ᠪᠣᠯᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ | ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠭᠦᠶᠡᠩ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ | ᠂ ᠪᠥᠬᠦ ᠰᠢᠶᠠᠨ ᠤ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢᠭᠡᠳᠦᠮᠡᠯ ᠹᠷᠣᠨᠲ ᠤᠨ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠨᠢᠭᠡᠳᠦᠮᠡᠯ ᠹᠷᠣᠨᠲ ᠤᠨ ᠡᠯ᠎ᠡ ᠬᠦᠷᠢᠶ᠎ᠡ ᠪᠣᠯᠤᠨ ᠨᠢᠭᠡᠳᠦᠮᠡᠯ ᠹᠷᠣᠨᠲ ᠤᠨ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠪᠥᠬᠦ ᠰᠢᠶᠠᠨ ᠤ | ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ | ᠬᠤᠷᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠨᠠᠷᠢᠨ ᠬᠢᠨᠠᠮᠠᠭᠠᠢ ᠰᠤᠳᠤᠯᠤᠨ ᠰᠠᠶᠢᠲᠤᠷ ᠬᠢᠬᠦ | ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠬᠤᠷᠢᠭ᠎ᠠ ᠱᠤᠭᠤᠮ ᠢ ᠪᠠᠶᠢᠭᠤᠯᠤᠨ ᠠᠶᠤᠯ ᠲᠦᠭᠰᠢᠭᠦᠷᠢ ᠶᠢ | ᠰᠡᠷᠭᠡᠶᠢᠯᠡᠬᠦ ᠬᠡᠷᠡᠭᠲᠡᠢ᠃ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠵᠠᠰᠠᠯᠲᠠ ᠶᠢᠨ | ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠠᠰᠤᠷᠠᠯᠲᠠ | ᠦᠭᠡᠢ ᠰᠢᠯᠢᠳᠡᠭᠵᠢᠭᠦᠯᠦᠨ ᠭᠦᠨᠵᠡᠭᠡᠶᠢᠷᠡᠭᠦᠯᠵᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ | ᠪᠦᠲᠦᠮᠵᠢᠲᠡᠢ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠵᠤ᠂ | ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ | ᠬᠤᠶᠠᠷ ᠲᠤ ᠰᠠᠭᠤᠷᠢ ᠲᠠᠯᠪᠢᠵᠤ ᠠᠯᠤᠰ ᠬᠡᠳᠦ ᠶᠢ ᠬᠠᠮᠢᠶᠠᠷᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠨ ᠬᠢᠨ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠨ ᠺᠠᠳ᠋ᠷ ᠢ ᠰᠣᠩᠭᠤᠵᠤ᠂ ᠬᠢᠨᠠᠨ ᠰᠢᠯᠭᠠᠬᠤ ︽ | ᠳᠣᠬᠢᠭᠤᠷ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ | ᠴᠢᠳᠠᠪᠤᠷᠢ ᠪᠠᠨ ᠴᠢᠩᠭᠠᠳᠬᠠᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ | ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠰᠠᠭᠤᠷᠢ ᠶᠢ ᠪᠠᠲᠤᠳᠬᠠᠨ | ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ᠂ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠪᠠᠲᠤ ᠴᠢᠩᠭ᠎ᠠ ᠳᠠᠶᠢᠴᠢᠨ | ᠪᠠᠬᠢᠯᠡᠯᠲᠡ ᠶᠢ ᠪᠠᠬᠢᠵᠢᠭᠦᠯᠬᠦ ᠬᠡᠷᠡᠭᠲᠡᠢ᠃ ᠭᠤᠷᠪᠠ ᠳᠤ᠂ ᠲᠤᠭ ᠳᠠᠯᠪᠠᠭ᠎ᠠ ᠪᠠᠨ ᠲᠥᠪ ᠶᠣᠰᠣ ᠶᠢ ᠮᠠᠨᠳᠤᠭᠤᠯᠬᠤ | ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ ᠬᠢᠨ ᠲᠤᠭ ᠲᠡᠮᠳᠡᠭ ᠲᠣᠳᠣᠷᠬᠠᠢ ᠪᠠᠷ ᠭᠤᠣᠯ ᠦᠵᠡᠯ ᠰᠠᠨᠠᠭ᠎ᠠ | ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠦᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠭᠦᠶᠡᠩ ᠤᠨ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠳᠡᠰ ᠤᠨ ᠭᠤᠣᠯ ᠵᠠᠭᠤᠴᠢᠯᠠᠭᠤᠷ ᠲᠤ ᠤᠯᠠᠮᠵᠢᠯᠠᠨ ᠲᠠᠷᠬᠠᠭᠠᠬᠤ ᠨᠥᠯᠥᠭᠡᠯᠡᠬᠦ ᠬᠦᠴᠦᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ | ᠬᠥᠮᠦᠰ ᠤᠨ ᠰᠡᠳᠬᠢᠯ ᠢ ᠨᠢᠭᠲᠠᠷᠠᠭᠤᠯᠤᠨ ᠪᠦᠯᠬᠦᠮᠳᠡᠯ ᠢ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ | ᠮᠥᠴᠢᠷ ᠤᠨ ᠬᠢᠨ ᠨᠢᠭᠡᠳᠦᠮᠡᠯ ᠹᠷᠣᠨᠲ ᠤᠨ ᠵᠥᠪᠯᠡᠬᠦ ᠠᠷᠠᠳᠴᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ | ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠨᠢᠭᠡᠳᠦᠮᠡᠯ | ᠹᠷᠣᠨᠲ ᠤᠨ ᠴᠢᠳᠠᠪᠤᠷᠢᠲᠠᠨ ᠤ ᠲᠥᠪᠯᠡᠷᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠦᠶᠡᠩ ᠤᠨ ᠠᠵᠤ ᠠᠬᠤᠢ | ᠰᠣᠶᠣᠯ ᠤᠨ ᠬᠥᠭᠵᠢᠯᠲᠡ ᠶᠢ ᠠᠬᠢᠭᠤᠯᠤᠨ᠎ᠠ᠃ ᠬᠤᠷᠠᠯ ᠠᠴᠠ ︽2025 ᠣᠨ ᠤ ᠭᠦᠶᠡᠩ ᠰᠢᠶᠠᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠭᠤᠣᠯᠳᠠᠯᠭ᠎ᠠ︾᠂ ︽2025 ᠣᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠡᠭᠦᠷᠭᠡ ᠶᠢᠨ ᠡᠬᠡ ᠳᠠᠩᠰᠠ︾ ᠶᠢ ᠰᠤᠳᠤᠯᠤᠨ | ᠬᠢᠨᠠᠨ ᠵᠥᠪᠯᠡᠪᠡ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |