3 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠡ ᠶᠢᠨ ᠱᠦᠵᠢ ᠶᠣᠣ ᠵᠢᠶᠦ᠋ᠨ ᠵᠢᠶᠧ ᠰᠢᠶᠠᠨ ᠤ ᠨᠠᠮ ᠤᠨ | ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠨᠢᠭᠡᠳᠦᠭᠡᠷ ᠤᠳᠠᠭ᠎ᠠ ᠶᠢᠨ ᠪᠦᠭᠦᠳᠡ ᠬᠤᠷᠠᠯ᠂ ᠰᠢᠶᠠᠨ ᠤ ᠨᠠᠮ ᠤᠨ ᠬᠤᠷᠢᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠠᠷᠪᠠᠳᠤᠭᠠᠷ ᠤᠳᠠᠭ᠎ᠠ ᠶᠢᠨ ᠬᠤᠷᠠᠯ ᠪᠣᠯᠤᠨ ᠰᠢᠶᠠᠨ ᠤ ᠨᠠᠮ ᠤᠨ ᠬᠤᠷᠢᠶ᠎ᠡ ᠶᠢᠨ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ 2025 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ | ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠡ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠨᠡᠪᠲᠡᠷᠡᠲᠡᠯ᠎ᠡ ᠣᠶᠢᠯᠠᠭᠠᠵᠤ᠂ ᠰᠢᠨ᠎ᠡ ᠴᠠᠭ ᠦᠶ᠎ᠡ ᠶᠢᠨ ᠲᠠᠷᠢᠶᠠᠯᠠᠬᠤ ᠣᠷᠣᠨ ᠤ ᠠᠵᠢᠯ ᠤᠨ ᠬᠠᠷᠠᠯᠲᠠ ᠱᠠᠭᠠᠷᠳᠠᠯᠭ᠎ᠠ ᠶᠢ | ᠣᠨᠣᠪᠴᠢᠲᠠᠢ ᠡᠵᠡᠮᠰᠢᠵᠦ᠂ ᠨᠢᠭᠡ ᠳᠤ᠂ ᠪᠢᠴᠢᠭ ᠮᠠᠲ᠋ᠧᠷᠢᠶᠠᠯ ᠠᠴᠠ ᠠᠰᠢᠭ ᠣᠯᠵᠤ᠂ ᠪᠡᠯᠡ ᠮᠥᠩᠭᠦ ᠡᠷᠢᠵᠦ᠂ ᠭᠦᠶᠡᠩ ᠤᠨ | ᠪᠣᠳᠠᠲᠤ ᠪᠠᠶᠢᠳᠠᠯ ᠳᠤ ᠰᠠᠭᠤᠷᠢᠯᠠᠨ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠪᠠᠶᠢᠷᠢᠯᠠᠭᠤᠯᠬᠤ ᠬᠡᠷᠡᠭᠲᠡᠢ᠃ ᠬᠤᠶᠠᠷ ᠲᠤ᠂ ᠪᠢᠴᠢᠭ | ᠮᠠᠲ᠋ᠧᠷᠢᠶᠠᠯ ᠠᠴᠠ ᠵᠢᠮ᠎ᠡ ᠶᠣᠰᠣ ᠶᠢ ᠡᠷᠢᠵᠦ᠂ ᠭᠠᠷᠳᠠᠴᠠ ᠡᠷᠢᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢᠨ | ᠲᠣᠭᠤᠷᠢᠨ ᠳᠤ ᠭᠦᠨᠵᠡᠭᠡᠢ ᠪᠣᠳᠣᠯᠬᠢᠯᠠᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ | ᠪᠣᠯᠤᠨ ︽ᠲᠠᠶᠢᠯᠬᠤ ᠰᠡᠳᠬᠢᠬᠦᠢ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠷᠠᠯ ᠠᠴᠠ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠭᠰᠠᠨ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠦᠨᠳᠦᠰᠦᠨ ᠠᠵᠤ ᠠᠬᠤᠢ ᠶᠢᠨ ᠳᠦᠷᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠡᠭᠦᠷᠭᠡᠯᠡᠯ ᠪᠠ ᠬᠤᠪᠢ ᠨᠡᠮᠡᠷᠢ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠸᠠ ᠸᠧᠢ ᠵᠡᠷᠭᠡ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠠᠤᠭ᠎ᠠ ᠶᠡᠭᠡ ᠬᠠᠷᠠᠭᠠᠰᠤ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ | ᠰᠤᠷᠤᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ | ᠠᠰᠠᠭᠤᠳᠠᠯ ᠢ ᠣᠨᠣᠪᠴᠢᠲᠠᠢ ᠡᠵᠡᠮᠳᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ | ᠪᠦᠬᠦ ᠬᠦᠴᠦᠨ ᠢᠶᠠᠷ ᠢᠶᠠᠨ ᠳᠠᠮᠵᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ | ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠠᠶᠢᠳᠠᠯ ᠢ ᠮᠡᠳᠡᠭᠳᠡᠵᠦ᠂ 2025 ᠣᠨ ᠤ ᠵᠠᠬᠢᠳᠠᠯ ᠰᠤᠷᠪᠤᠯᠵᠢᠯᠠᠭ᠎ᠠ ᠶᠢᠨ ᠭᠤᠣᠯᠳᠠᠯᠭ᠎ᠠ ᠲᠠᠢ ᠠᠵᠢᠯ ᠪᠣᠯᠤᠨ ︽ᠪᠦᠬᠦ | ᠤᠯᠤᠰ ᠤᠨ ᠬᠤᠶᠠᠷ ᠬᠤᠷᠠᠯ︾ ᠤᠨ ᠵᠠᠬᠢᠳᠠᠯ ᠰᠤᠷᠪᠤᠯᠵᠢᠯᠠᠭ᠎ᠠ ᠶᠢᠨ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ | ᠪᠠᠶᠢᠷᠢᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ | ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠪᠠᠶᠢᠩᠭᠤ ᠬᠢᠵᠦ᠂ ᠡᠳᠦᠷ ᠲᠤᠲᠤᠮ ᠤᠨ ᠠᠵᠢᠯ ᠢ | ᠡᠷᠬᠡᠪᠰᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠤᠴᠢᠷ ᠶᠠᠪᠤᠳᠠᠯ ᠢ ᠬᠠᠮᠢᠶᠠᠷᠬᠤ ᠬᠥᠮᠦᠨ ᠲᠠᠢ᠂ ᠤᠴᠢᠷ ᠶᠠᠪᠤᠳᠠᠯ ᠢ | ᠰᠢᠢᠳᠪᠦᠷᠢᠯᠡᠬᠦ ᠶᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠬᠤᠷᠠᠯ ᠠᠴᠠ ᠪᠤᠭᠤᠲᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠣᠷᠴᠢᠨ | ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠬᠥᠭᠵᠢᠯᠲᠡ ᠪᠣᠯᠤᠨ ᠬᠠᠮᠠᠭᠠᠯᠠᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠭᠦᠶᠡᠩ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ | ᠬᠢᠨᠠᠨ ᠵᠥᠪᠯᠡᠪᠡ᠃ ᠬᠤᠷᠠᠯ ᠠᠴᠠ᠂ ᠪᠥᠬᠦ ᠰᠢᠶᠠᠨ ᠤ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ | ᠨᠢᠭᠡᠳᠦᠮᠡᠯ ᠹᠷᠣᠨᠲ ᠤᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠨᠢᠭᠡᠳᠦᠮᠡᠯ ᠹᠷᠣᠨᠲ ᠤᠨ ᠡᠯ᠎ᠡ ᠬᠦᠷᠢᠶ᠎ᠡ ᠪᠣᠯᠤᠨ ᠨᠢᠭᠡᠳᠦᠮᠡᠯ ᠹᠷᠣᠨᠲ ᠤᠨ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠷᠠᠯ ᠠᠴᠠ ᠪᠥᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ | ᠴᠠᠭᠠᠵᠠ ᠶᠢᠨ ᠠᠵᠢᠯ ᠢ ᠨᠠᠷᠢᠨ ᠬᠢᠨᠠᠮᠠᠭᠠᠢ ᠰᠤᠳᠤᠯᠤᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ | ᠬᠤᠷᠢᠭ᠎ᠠ ᠱᠤᠭᠤᠮ ᠢ ᠪᠠᠶᠢᠭᠤᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠤᠯᠤᠰ ᠲᠥᠷᠥ ᠬᠠᠤᠯᠢ | ᠴᠠᠭᠠᠵᠠ ᠶᠢᠨ ᠰᠠᠯᠠᠭ᠎ᠠ ᠮᠥᠴᠢᠷ ᠤᠨ ᠬᠢᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ ᠭᠦᠨᠵᠡᠭᠡᠶᠢᠷᠡᠭᠦᠯᠵᠦ᠂ ᠬᠠᠤᠯᠢᠵᠢᠯ ᠤᠨ | ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠬᠦ | ᠦᠭᠡᠢ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠰᠠᠭᠤᠷᠢ ᠲᠠᠯᠪᠢᠵᠤ ᠠᠯᠤᠰ ᠬᠡᠳᠦ ᠶᠢ ᠬᠠᠮᠢᠶᠠᠷᠬᠤ ᠬᠡᠷᠡᠭᠲᠡᠢ᠃ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠤᠨ ᠬᠢᠨ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠨ ᠺᠠᠳ᠋ᠷ ᠢ ᠰᠣᠩᠭᠤᠵᠤ᠂ ᠬᠢᠨᠠᠨ | ᠰᠢᠯᠭᠠᠬᠤ ︽ᠳᠣᠬᠢᠭᠤᠷ︾ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠦᠨ ᠴᠢᠳᠠᠪᠤᠷᠢ ᠪᠠᠨ ᠴᠢᠩᠭᠠᠳᠬᠠᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠪᠠᠷᠢᠮᠲᠠᠯᠠᠵᠤ᠂ ᠬᠦᠨᠳᠦ | ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ | ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠬᠡᠪᠡᠷ ᠠᠳᠬᠤᠬᠤ᠂ ᠰᠠᠭᠤᠷᠢ ᠶᠢ ᠪᠠᠲᠤᠳᠬᠠᠨ | ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠳᠠᠭᠠᠭᠤᠯᠬᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ᠂ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠬᠦ ᠲᠠᠯ᠎ᠠ ᠪᠠᠷ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢ | ᠪᠠᠬᠢᠵᠢᠭᠦᠯᠬᠦ ᠬᠡᠷᠡᠭᠲᠡᠢ᠃ ᠭᠤᠷᠪᠠ ᠳᠤ᠂ ᠲᠤᠭ ᠳᠠᠯᠪᠠᠭ᠎ᠠ ᠪᠠᠨ ᠲᠥᠪ ᠶᠣᠰᠣ ᠶᠢ ᠮᠠᠨᠳᠤᠭᠤᠯᠬᠤ ᠬᠡᠷᠡᠭᠲᠡᠢ᠃ ᠤᠬᠠᠭᠤᠯᠬᠤ | ᠰᠠᠯᠠᠭ᠎ᠠ ᠮᠥᠴᠢᠷ ᠤᠨ ᠬᠢᠨ ᠲᠤᠭ ᠲᠡᠮᠳᠡᠭ ᠲᠣᠳᠣᠷᠬᠠᠢ ᠪᠠᠷ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠭᠦᠶᠡᠩ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠡᠰ ᠤᠨ ᠭᠤᠣᠯ ᠵᠠᠭᠤᠴᠢᠯᠠᠭᠤᠷ ᠲᠤ ᠤᠯᠠᠮᠵᠢᠯᠠᠨ | ᠲᠠᠷᠬᠠᠭᠠᠬᠤ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠳᠥᠷᠪᠡ ᠳᠤ᠂ ᠬᠥᠮᠦᠰ ᠤᠨ ᠰᠡᠳᠬᠢᠯ ᠢ ᠨᠢᠭᠲᠠᠷᠠᠭᠤᠯᠤᠨ ᠪᠦᠯᠬᠦᠮᠳᠡᠯ ᠢ ᠠᠬᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ | ᠰᠠᠯᠠᠭ᠎ᠠ ᠮᠥᠴᠢᠷ ᠤᠨ ᠬᠢᠨ ᠨᠢᠭᠡᠳᠦᠮᠡᠯ ᠹᠷᠣᠨᠲ ᠤᠨ ᠵᠥᠪᠯᠡᠬᠦ ᠠᠷᠠᠳᠴᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ | ᠴᠢᠳᠠᠪᠤᠷᠢᠲᠠᠨ ᠤ ᠲᠥᠪᠯᠡᠷᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠦᠶᠡᠩ ᠤᠨ ᠠᠵᠤ ᠠᠬᠤᠢ ᠰᠣᠶᠣᠯ ᠤᠨ | ᠬᠥᠭᠵᠢᠯᠲᠡ ᠶᠢ ᠠᠬᠢᠭᠤᠯᠤᠨ᠎ᠠ᠃ ᠬᠤᠷᠠᠯ ᠠᠴᠠ ︽2025 ᠣᠨ ᠤ ᠭᠦᠶᠡᠩ ᠰᠢᠶᠠᠨ ᠤ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠭᠤᠣᠯᠳᠠᠯᠭ᠎ᠠ︾᠂ ︽2025 ᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠡᠭᠦᠷᠭᠡ ᠶᠢᠨ ᠡᠬᠡ ᠳᠠᠩᠰᠠ︾ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠪᠠᠰᠠ | ᠪᠤᠰᠤᠳ ᠵᠦᠢᠯ ᠢ ᠰᠤᠳᠤᠯᠵᠠᠢ᠃ | |