ᠰᠢᠩ ᠱᠦᠨ ᠰᠢ ᠪᠠᠯᠭᠠᠰᠤ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/3/14
    ᠰᠢᠩ ᠱᠦᠨ ᠰᠢ ᠪᠠᠯᠭᠠᠰᠤ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠶᠤᠯᠭᠦᠢ ᠶᠢᠨ ᠶᠡᠭᠡ ᠪᠠᠶᠢᠴᠠᠭᠠᠯᠲᠠ ᠬᠢᠪᠡ᠃    ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠶᠢᠨ ᠲᠥᠯᠥᠭᠡ᠂ 3 ᠰᠠᠷ᠎ᠠ ᠶᠢᠨ 5 ᠤ ᠡᠳᠦᠷ ᠠᠴᠠ ᠨᠠᠰᠢ᠂ ᠰᠢᠩ ᠱᠦᠨ ᠰᠢ ᠪᠠᠯᠭᠠᠰᠤᠨ ᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠵᠤ᠂ ᠬᠠᠮᠢᠶ᠎ᠠ ᠪᠦᠬᠦᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠠᠵᠢᠯᠲᠠᠳ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠡᠯ᠎ᠡ ᠠᠵᠤ ᠠᠬᠤᠶᠢᠯᠠᠯ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠢᠩ ᠱᠦᠨ ᠰᠢ ᠨᠠᠰᠤᠲᠠᠨ ᠢ ᠠᠰᠠᠷᠠᠬᠤ ᠬᠦᠷᠢᠶᠡᠯᠡᠩ᠂ ᠳ᠋ᠡ ᠵᠦᠩ ᠠᠭᠤᠷᠬᠠᠢ ᠶᠢᠨ ᠦᠢᠯᠡᠰ᠂ ᠮᠧᠩ ᠶᠤᠸᠠᠨ ᠬᠦᠳᠡᠷ ᠰᠣᠩᠭᠤᠬᠤ ᠦᠢᠯᠡᠳᠪᠦᠷᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ᠥᠷᠲᠡᠭᠡ᠂ ᠬᠤᠩ ᠳ᠋ᠠ ᠳ᠋ᠢ ᠬᠤᠸᠠᠷ ᠫᠤᠤᠵᠢᠩ ᠵᠡᠷᠭᠡ 11 ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ ᠬᠡᠪ ᠤᠨ ᠪᠠᠶᠢᠬᠤ ᠡᠰᠡᠬᠦ᠂ ᠠᠮᠤᠷ ᠲᠦᠪᠰᠢᠨ ᠤ ᠵᠡᠮ ᠰᠠᠭᠠᠳ ᠦᠭᠡᠢ ᠨᠡᠪᠲᠡᠷᠡᠬᠦ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠢ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠬᠢᠨ ᠰᠤᠯᠠᠷᠠᠬᠤ ᠰᠡᠳᠬᠢᠴᠡ ᠶᠢ ᠡᠷᠡᠰ ᠲᠡᠪᠴᠢᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠣᠨᠤᠭ ᠲᠥᠬᠦᠭᠡᠷᠦᠮᠵᠢ ᠶᠢ ᠪᠦᠬᠦ ᠲᠠᠯ᠎ᠠ ᠪᠠᠷ ᠬᠠᠮᠠᠭᠠᠯᠠᠨ ᠪᠠᠶᠢᠴᠠᠭᠠᠵᠤ᠂ ᠠᠮᠤᠷ ᠲᠦᠪᠰᠢᠨ ᠪᠤᠰᠤ ᠬᠦᠴᠦᠨ ᠵᠦᠢᠯ ᠪᠠ ᠠᠮᠤᠷ ᠲᠦᠪᠰᠢᠨ ᠪᠤᠰᠤ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ᠂ ᠠᠶᠤᠯᠭᠦᠢ ᠦᠢᠯᠡᠳᠪᠦᠷᠢᠯᠡᠯ᠂ ᠠᠮᠤᠷ ᠲᠦᠪᠰᠢᠨ ᠢᠶᠠᠷ ᠠᠰᠢᠭᠯᠠᠯᠲᠠ ᠳᠤ ᠣᠷᠣᠭᠤᠯᠬᠤ᠂ ᠠᠮᠤᠷ ᠲᠦᠪᠰᠢᠨ ᠢᠶᠠᠷ ᠠᠵᠢᠯ ᠢᠶᠠᠨ ᠰᠡᠷᠭᠦᠭᠡᠬᠦ ᠶᠢ ᠪᠡᠶᠡᠯᠡᠭᠦᠯᠬᠦ ᠬᠡᠷᠡᠭᠲᠡᠢ᠃ 
 
ᠢᠷᠡᠯᠲᠡ᠄ ᠰᠢᠩ ᠱᠦᠨ ᠰᠢ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号