ᠵᠢᠨᠱᠠᠨ ᠪᠠᠯᠭᠠᠰᠤ᠄ ︽ᠲᠠᠪᠤᠨ ᠨᠡᠮᠡᠬᠦ ᠠᠷᠭ᠎ᠠ︾ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠡᠷᠡᠯᠬᠡᠭᠯᠡᠨ ᠤᠷᠤᠭᠰᠢᠯᠠᠬᠤ ᠠᠶ᠎ᠠ︾ ᠶᠢ ᠬᠥᠭᠵᠢᠮᠳᠡᠨ᠎ᠡ
ᠨᠡᠶᠢᠲᠡᠯᠡᠭᠰᠡᠨ ᠴᠠᠭ᠄
2025/3/14
    ᠵᠢᠨᠱᠠᠨ ᠪᠠᠯᠭᠠᠰᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠨᠡᠮᠡᠬᠦ ᠠᠷᠭ᠎ᠠ︾ ᠪᠠᠷ ᠭᠠᠷᠳᠠᠴᠠ ᠪᠣᠯᠭᠠᠵᠤ᠂ ᠤᠬᠠᠭᠤᠯᠭ᠎ᠠ᠂ ᠦᠢᠯᠡᠴᠢᠯᠡᠭᠡ᠂ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠬᠠᠮᠵᠢᠯᠴᠠᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠢ ᠠᠬᠢᠭᠤᠯᠪᠠ᠃    ᠨᠢᠭᠡ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ + ᠨᠠᠮ ᠤᠨ ᠪᠠᠶᠢᠭᠤᠯᠤᠯᠲᠠ︾ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠠᠲᠤ ᠴᠣᠭᠴᠠᠯᠠᠪᠠ    ᠵᠢᠨᠱᠠᠨ ᠪᠠᠯᠭᠠᠰᠤ ᠨᠠᠮ ᠤᠨ ᠪᠠᠶᠢᠭᠤᠯᠤᠯᠲᠠ ᠭᠡᠬᠦ ᠡᠨᠡᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠪᠡ᠃ ᠨᠢᠭᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠭᠦᠨᠵᠡᠭᠡᠢ ᠠᠭᠤᠰᠤᠯᠴᠠᠭᠤᠯᠤᠨ᠎ᠠ᠃ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠪᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠷᠤᠯᠴᠠᠪᠠ᠃ ︽ᠨᠢᠭᠡ ᠭᠠᠷᠠᠭ ᠬᠤᠶᠠᠷ ᠰᠠᠷ᠎ᠠ︾᠂ ᠭᠤᠣᠯ ᠰᠡᠳᠦᠪᠲᠦ ᠨᠠᠮ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠲᠣᠰᠬᠤᠨ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠲᠣᠭᠤᠷᠢᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠪᠠᠷᠢᠮᠲᠠᠲᠤ ᠹᠢᠯᠢᠮ ᠢ ᠰᠣᠨᠢᠷᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠪᠠ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠪᠠ ᠰᠤᠷᠤᠯᠴᠠᠬᠤ ᠲᠥᠯᠥᠪᠯᠡᠭᠡ ᠳᠤ ᠣᠷᠣᠭᠤᠯᠵᠤ᠂ ᠭᠤᠣᠯ ᠱᠤᠭᠤᠮ ᠤᠨ ᠡᠭᠦᠷᠭᠡ ᠶᠢ ᠪᠠᠶᠢᠷᠢᠯᠠᠭᠤᠯᠬᠤ ᠪᠠ ᠠᠬᠢᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠪᠠᠲᠤ ᠪᠠᠬᠢ ᠪᠣᠢ ᠪᠣᠯᠭᠠᠬᠤ ︽ᠵᠢᠱᠢᠶᠡᠴᠢ︾ ᠶᠢᠨ ᠨᠠᠮ ᠤᠨ ᠡᠭᠦᠷ᠂ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠣᠰᠬᠤᠨ ᠪᠠ ᠡᠷᠦᠬᠡ ᠳᠤ ᠬᠦᠷᠴᠦ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢ 25 ᠤᠳᠠᠭ᠎ᠠ ᠤᠬᠠᠭᠤᠯᠤᠨ ᠲᠠᠶᠢᠯᠪᠤᠷᠢᠯᠠᠪᠠ᠃ ᠡᠭᠦᠨ ᠤ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠡᠯ᠎ᠡ ᠲᠣᠰᠬᠤᠨ ᠨᠡᠶᠢᠭᠡᠮ ᠲᠣᠭᠤᠷᠢᠭ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠳᠤ ᠣᠷᠣᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠤᠨ᠎ᠠ᠃    ᠬᠤᠶᠠᠷ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ + ᠤᠬᠠᠭᠤᠯᠭ᠎ᠠ︾ ᠪᠠᠷ ᠦᠨᠳᠦᠰᠦᠲᠡᠨ ᠤ ᠪᠦᠯᠬᠦᠮᠳᠡᠯ ᠤᠨ ︽ᠬᠠᠮᠤᠭ ᠤᠨ ᠬᠦᠴᠦᠷᠬᠡᠭ ᠳᠠᠭᠤᠣ︾ ᠶᠢ ᠬᠥᠭᠵᠢᠮᠳᠡᠨ᠎ᠡ᠃    ᠨᠢᠭᠡ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠰᠣᠶᠣᠯ ᠤᠨ ᠥᠨᠳᠦᠷᠯᠢᠭ ᠢ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠢ ᠳᠡᠰ ᠳᠡᠪᠰᠢᠭᠦᠯᠦᠨ ᠥᠭᠡᠷᠡᠴᠢᠯᠡᠨ ᠰᠢᠨᠡᠳᠬᠡᠵᠦ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠬᠢᠵᠢᠭᠦᠯᠵᠦ᠂ ᠰᠠᠭᠤᠷᠢᠨ ᠭᠠᠵᠠᠷ ᠨᠢ ᠪᠠᠶᠢᠭᠤᠯᠤᠭᠳᠠᠭᠰᠠᠨ ᠠᠴᠠ ᠨᠠᠰᠢ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠡᠶᠢᠲᠡ 5000 ᠭᠠᠷᠤᠢ ᠬᠥᠮᠦᠨ ᠤᠳᠠᠭ᠎ᠠ ᠬᠦᠯᠢᠶᠡᠨ ᠠᠪᠴᠤ᠂ ᠡᠯ᠎ᠡ ᠲᠥᠷᠥᠯ ᠤᠨ ᠠᠵᠢᠯᠯᠠᠭ᠎ᠠ ᠶᠢ 150 ᠭᠠᠷᠤᠢ ᠤᠳᠠᠭ᠎ᠠ ᠡᠷᠬᠢᠯᠡᠪᠡ᠃ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠦᠢᠯᠡ ᠠᠵᠢᠯᠯᠠᠭ᠎ᠠ ᠶᠢ ᠠᠭᠤᠳᠠᠯᠤᠨ ᠪᠣᠢ ᠪᠣᠯᠭᠠᠵᠤ 30 ᠬᠥᠮᠦᠨ ︽ᠰᠢᠳᠢᠳᠦ ᠶᠢᠨ ᠱᠠᠨ ᠪᠠᠯᠭᠠᠰᠤ︾ ᠶᠢᠨ ᠣᠯᠠᠨ ᠨᠡᠶᠢᠲᠡ ᠶᠢᠨ ᠨᠣᠮᠧᠷ ᠲᠤᠰᠬᠠᠢ ᠰᠡᠳᠦᠪ ᠢᠶᠠᠷ ᠳᠠᠷᠠᠭᠠᠯᠠᠨ ᠨᠡᠶᠢᠲᠡᠯᠡᠪᠡ᠃ ᠬᠤᠶᠠᠷ ᠲᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠵᠠᠰᠠᠮᠠᠯ ᠵᠠᠮ ᠳᠠᠭᠠᠤ᠂ ᠭᠤᠣᠯ ᠵᠠᠮ᠂ ᠠᠭᠤᠳᠠᠮ ᠲᠠᠯᠠᠪᠠᠢ᠂ ᠵᠢᠵᠢᠭ ᠲᠣᠭᠤᠷᠢᠭ ᠲᠤ ᠲᠣᠮᠣ ᠬᠡᠯᠪᠡᠷᠢ ᠶᠢᠨ ᠤᠬᠠᠭᠤᠯᠭ᠎ᠠ ᠶᠢᠨ ᠤᠷᠢᠶ᠎ᠠ᠂ ᠤᠬᠠᠭᠤᠯᠭ᠎ᠠ ᠶᠢᠨ ᠰᠠᠮᠪᠠᠷ᠎ᠠ ᠶᠢᠨ ᠰᠣᠨᠢᠨ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠤᠳᠠᠯᠳᠤᠭᠠᠴᠢᠨ ᠤ LED ᠳᠡᠯᠭᠡᠴᠡ ᠶᠢ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠷᠢᠶ᠎ᠠ ᠯᠣᠽᠦ᠋ᠩ ᠢ ᠨᠡᠪᠲᠡᠷᠡᠭᠦᠯᠦᠨ᠎ᠡ᠃ ᠭᠤᠷᠪᠠ ᠳᠤ᠂ ︽ᠨᠢᠭᠡ ᠬᠤᠷᠰᠢᠶ᠎ᠡ ᠨᠢᠭᠡ ᠨᠡᠷᠡᠲᠦ ᠲᠡᠮᠳᠡᠭᠲᠦ᠂ ᠨᠢᠭᠡ ᠰᠠᠷ᠎ᠠ ᠨᠢᠭᠡ ᠭᠤᠣᠯ ᠰᠡᠳᠦᠪ︾ ᠤᠨ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠰᠢᠨ᠎ᠡ ᠶᠢ ᠡᠭᠦᠳᠦᠨ ᠭᠠᠷᠭᠠᠪᠠ᠃ ᠡᠯ᠎ᠡ ᠨᠡᠶᠢᠭᠡᠮ ᠲᠣᠭᠤᠷᠢᠭ ᠨᠢ ᠣᠨᠴᠠᠯᠢᠭᠲᠤ ᠦᠢᠯᠡᠴᠢᠯᠡᠭᠡᠨ ᠤ ᠨᠡᠷᠡᠲᠦ ᠲᠡᠮᠳᠡᠭ ᠢ ᠬᠦᠴᠦᠯᠡᠨ ᠪᠣᠢ ᠪᠣᠯᠭᠠᠵᠤ᠂ ᠨᠡᠷᠡᠲᠦ ᠲᠡᠮᠳᠡᠭ ᠤᠨ ᠣᠨᠴᠠᠯᠢᠭ ᠲᠠᠢ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠢ ᠰᠠᠷ᠎ᠠ ᠪᠦᠷᠢ ᠨᠢᠭᠡ ᠤᠳᠠᠭ᠎ᠠ ᠡᠭᠦᠳᠦᠨ ᠪᠠᠶᠢᠭᠤᠯᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ︽ᠤᠯᠠᠭᠠᠨ ᠠᠨᠠᠷ ᠤᠨ ᠰᠠᠶᠢᠨ ᠳᠤᠷ᠎ᠠ ᠶᠢᠨ ᠤᠬᠠᠭᠤᠯᠬᠤ ᠠᠩᠭᠢ︾᠂ ︽ᠤᠯᠠᠭᠠᠨ ᠠᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾᠂ ︽ᠤᠯᠠᠭᠠᠨ ᠠᠨᠠᠷ ᠤᠨ ᠤᠷᠠᠨ ᠰᠠᠶᠢᠬᠠᠨ ᠤ ᠦᠵᠡᠭᠦᠯᠦᠯᠭᠡ ᠶᠢᠨ ᠠᠩᠭᠢ︾ ᠭᠡᠬᠦ ᠭᠤᠷᠪᠠᠨ ᠡᠩᠨᠡᠭᠡ ᠶᠢ ᠭᠤᠣᠯᠳᠠᠯᠭ᠎ᠠ ᠲᠠᠢ ᠴᠣᠭᠴᠠᠯᠠᠶ᠎ᠠ᠃    ᠭᠤᠷᠪᠠ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ + ᠦᠢᠯᠡᠴᠢᠯᠡᠭᠡ︾᠂ ᠦᠨᠳᠦᠰᠦᠲᠡᠨ ᠤ ᠪᠦᠯᠬᠦᠮᠳᠡᠯ ᠤᠨ ︽ᠵᠣᠯ ᠵᠢᠷᠭᠠᠯᠲᠤ ᠴᠡᠴᠡᠭ︾ ᠢ ᠤᠮᠳᠠᠯᠠᠪᠠ    ᠵᠢᠨᠱᠠᠨ ᠪᠠᠯᠭᠠᠰᠤ ᠳᠣᠲᠣᠨᠣ ᠦᠢᠯᠡᠴᠢᠯᠡᠭᠡ ᠪᠠᠷ ᠦᠨᠳᠦᠰᠦᠲᠡᠨ ᠤ ᠪᠦᠯᠬᠦᠮᠳᠡᠯ ᠤᠨ ᠵᠣᠯ ᠵᠢᠷᠭᠠᠯᠲᠤ ᠵᠢᠷᠤᠭ ᠢ ᠵᠢᠷᠤᠭᠯᠠᠪᠠ᠃ ᠨᠢᠭᠡ ᠳᠤ᠂ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠬᠡᠷᠡᠭᠵᠢᠭᠦᠯᠵᠦ᠂ ︽ᠱᠠᠲᠤ ᠬᠤᠪᠢᠶᠠᠨ ᠭᠦᠢᠴᠡᠳᠬᠡᠬᠦ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠶᠠᠪᠤᠭᠳᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠦᠢᠯᠡᠴᠢᠯᠡᠭᠡᠨ ᠤ ᠲᠥᠷᠥᠯ ᠵᠦᠢᠯ ᠢ ᠨᠡᠶᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠨᠡᠩ ᠳᠥᠭᠦᠮ ᠳᠥᠲᠡ ᠥᠨᠳᠥᠷ ᠪᠦᠲᠦᠮᠵᠢᠲᠡᠢ ᠪᠣᠯᠭᠠᠪᠠ᠃ ︽ᠬᠤᠣᠰ ᠠᠮᠠᠷᠠᠯᠲᠠ ᠶᠢᠨ ᠡᠳᠦᠷ ᠲᠤ ᠡᠭᠦᠳᠡ ᠪᠠᠨ ᠬᠠᠭᠠᠬᠤ ᠦᠭᠡᠢ ᠦᠢᠯᠡᠴᠢᠯᠡᠭᠡᠨ ᠤ ᠴᠣᠩᠬᠤ︾ ᠭᠠᠷᠭᠠᠨ᠎ᠠ︔ ︽ᠪᠣᠯᠵᠣᠵᠤ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠬᠥᠮᠦᠰ ᠲᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠨ ᠥᠭᠪᠡ︔ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠡᠷᠦᠩᠬᠡᠶᠢᠯᠡᠭᠰᠡᠨ ᠴᠣᠩᠬᠤᠨ ᠳᠤ ︽ᠨᠢᠭᠡᠳ ᠨᠢᠭᠡ︾ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠠᠰᠠᠭᠤᠨ ᠯᠠᠪᠯᠠᠬᠤ᠂ ᠵᠢᠯᠣᠭᠤᠳᠬᠤ᠂ ᠵᠣᠬᠢᠴᠠᠭᠤᠯᠬᠤ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠶᠢ ᠬᠠᠮᠤᠷᠴᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧ᠊ᠲᠷ︾ ᠢ ᠦᠨᠡᠨ ᠬᠦ ᠨᠡᠪᠲᠡᠷᠡᠭᠦᠯᠦᠨ᠎ᠡ᠃ ᠬᠤᠶᠠᠷ ᠲᠤ᠂ ᠣᠨᠴᠠᠯᠢᠭᠲᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠰᠢᠨ᠎ᠡ ᠶᠢ ᠡᠭᠦᠳᠦᠨ᠎ᠡ᠃ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ 4 ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠤᠷᠢᠳᠠᠪᠠᠷ ᠪᠠᠶᠢᠭᠤᠯᠤᠨ᠎ᠠ᠃ ᠡᠯ᠎ᠡ ᠦᠨᠳᠦᠰᠦᠲᠡᠨ ᠤ ᠣᠯᠠᠨ ᠲᠦᠮᠡᠨ ᠳᠤ ᠡᠳᠦᠷ ᠲᠤᠲᠤᠮ ᠤᠨ ᠰᠤᠪᠢᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠰᠢᠮ᠎ᠡ ᠲᠡᠵᠢᠭᠡᠯ ᠤᠨ ᠬᠤᠭᠤᠯᠠ ᠲᠣᠬᠢᠷᠠᠭᠤᠯᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠵᠤᠭ᠎ᠠ ᠴᠡᠩᠭᠡᠯ ᠤᠨ ᠠᠵᠢᠯᠯᠠᠭᠠᠨ ᠤ ᠲᠠᠰᠤᠭ᠂ ᠤᠩᠰᠢᠯᠭ᠎ᠠ ᠶᠢᠨ ᠲᠠᠰᠤᠭ᠂ ᠢᠯᠢᠵᠦ ᠨᠤᠬᠤᠯᠠᠬᠤ ᠠᠮᠠᠷᠠᠬᠤ ᠲᠠᠰᠤᠭ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠰᠡᠳᠬᠢᠴᠡ ᠶᠢᠨ ᠵᠥᠪᠯᠡᠯᠭᠡ ᠶᠢᠨ ᠲᠠᠰᠤᠭ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠲᠣᠬᠢᠷᠠᠭᠤᠯᠤᠭᠰᠠᠨ ᠪᠠᠶᠢᠨ᠎ᠠ᠃ ᠭᠤᠷᠪᠠ ᠳᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠢ ᠰᠤᠷᠤᠯᠴᠠᠨ ᠲᠤᠤᠱᠯᠠᠭᠤᠯᠵᠤ᠂ ︽ᠰᠤᠷᠪᠤᠯᠵᠢᠯᠠᠭ᠎ᠠ ᠲᠠᠢ ᠪᠣᠯ ᠨᠢᠭᠡ ᠬᠥᠮᠦᠨ ᠢ ᠡᠷᠢᠬᠦ︾ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠠᠷᠭ᠎ᠠ ᠶᠢ ᠰᠢᠨ᠎ᠡ ᠪᠠᠷ ᠡᠭᠦᠳᠦᠨ ᠲᠣᠭᠲᠠᠭᠠᠵᠤ᠂ ︽ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠬᠦ︾ ᠶᠢ ︽ᠣᠯᠠᠨ ᠲᠦᠮᠡᠨ ᠳᠤ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠵᠥᠷᠢᠴᠡᠯ ᠢ ᠨᠠᠮᠳᠠᠭᠤᠯᠬᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ︾ ᠪᠣᠯᠭᠠᠨ ᠬᠤᠪᠢᠷᠠᠭᠤᠯᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠬᠤᠶᠠᠷ ᠱᠠᠲᠤᠨ ᠤ 26 ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠴᠣᠩᠬᠤᠪᠴᠢ ᠨᠡᠶᠢᠲᠡ 230 ᠬᠤᠪᠢ ᠵᠠᠬᠢᠳᠠᠯ ᠰᠤᠷᠪᠤᠯᠵᠢᠯᠠᠭ᠎ᠠ ᠶᠢᠨ ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ 100% ᠳᠤ ᠬᠦᠷᠪᠡ᠃    ᠳᠥᠷᠪᠡ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ + ᠨᠡᠶᠢᠭᠡᠮ ᠤᠨ ᠵᠠᠰᠠᠯᠲᠠ︾    ᠦᠨᠳᠦᠰᠦᠲᠡᠨ ᠤ ᠬᠡᠷᠡᠭ ᠶᠠᠪᠤᠳᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠳᠤ ᠣᠷᠣᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠳᠤ ᠣᠷᠣᠭᠤᠯᠤᠨ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠡᠷᠡᠭ ︵ᠶᠠᠪᠤᠳᠠᠯ︶ ᠢ ᠲᠣᠬᠢᠲᠠᠢ ᠰᠢᠢᠳᠪᠦᠷᠢᠯᠡᠨ᠎ᠡ᠃ ᠲᠣᠰᠬᠤᠨ ᠨᠡᠶᠢᠭᠡᠮ ᠲᠣᠭᠤᠷᠢᠭ ᠲᠤ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠬᠦ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ︾ ᠱᠠᠭᠠᠷᠳᠠᠯᠭ᠎ᠠ ᠶᠣᠰᠣᠭᠠᠷ᠂ ᠪᠦᠬᠦ ᠪᠠᠯᠭᠠᠰᠤᠨ ᠤ 25 ᠲᠣᠰᠬᠤᠨ ᠨᠡᠶᠢᠭᠡᠮ ᠲᠣᠭᠤᠷᠢᠭ ᠲᠤ 46 ᠲᠣᠣᠷᠵᠢᠯ ᠬᠤᠪᠢᠶᠠᠵᠤ᠂ 52 ᠲᠣᠣᠷᠵᠢᠯ ᠤᠨ ᠠᠵᠢᠯᠲᠠᠨ᠂ 25 ᠦᠨᠳᠦᠰᠦᠲᠡᠨ ᠤ ᠠᠵᠢᠯ ᠤᠨ ᠬᠠᠪᠰᠤᠷᠤᠭᠴᠢ ᠲᠣᠬᠢᠷᠠᠭᠤᠯᠪᠠ᠃ ᠰᠦᠯᠵᠢᠶᠡᠨ ᠤ ᠠᠵᠢᠯᠲᠠᠨ ᠰᠦᠯᠵᠢᠶᠡᠨ ᠤ ᠳᠣᠲᠣᠷᠠᠬᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ 2024 ᠣᠨ ᠳᠤ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ 190 ᠬᠡᠷᠡᠭ ᠢ ᠰᠢᠢᠳᠪᠦᠷᠢᠯᠡᠵᠦ᠂ 100 ᠭᠠᠷᠤᠢ ᠤᠳᠠᠭ᠎ᠠ ᠵᠥᠷᠢᠴᠡᠯ ᠢ ᠨᠠᠮᠳᠠᠭᠤᠯᠵᠤ᠂ ᠬᠠᠨᠤᠮᠵᠢ ᠶᠢᠨ ᠨᠣᠷᠮ᠎ᠠ ᠨᠢ 100% ᠳᠤ ᠬᠦᠷᠪᠡ᠃ 2024 ᠣᠨ ᠤ 4 ᠰᠠᠷ᠎ᠠ ᠳᠤ᠂ ︽ᠪᠠᠯᠭᠠᠰᠤᠨ ᠳᠤ ᠰᠠᠭᠤᠭ᠎ᠠ ᠬᠠᠤᠯᠢᠴᠢ︾ ᠶᠢᠨ ᠠᠵᠢᠯ ᠤᠨ ᠲᠠᠰᠤᠭ ᠪᠠᠶᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠭᠦᠢᠴᠡᠳᠬᠡᠬᠦ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ 10 ᠬᠤᠪᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠲᠥᠷᠥᠯ ᠵᠦᠢᠯ ᠤᠨ ᠭᠡᠷ᠎ᠡ ᠶᠢ ᠬᠢᠨᠠᠨ ᠪᠠᠶᠢᠴᠠᠭᠠᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ 30 ᠭᠠᠷᠤᠢ ᠤᠳᠠᠭ᠎ᠠ ᠰᠢᠢᠳᠪᠦᠷᠢᠯᠡᠵᠦ᠂ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠪᠡ᠃ ᠦᠨᠳᠦᠰᠦᠲᠡᠨ ᠤ ᠬᠦᠴᠦᠨ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠤᠷᠢᠳᠴᠢᠯᠠᠨ ᠰᠡᠷᠡᠮᠵᠢᠯᠡᠭᠦᠯᠬᠦ ᠪᠦᠷᠢᠨ ᠲᠡᠭᠦᠯᠳᠡᠷ ᠲᠥᠰᠦᠯ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠬᠦᠷᠢᠶᠡᠨ ᠳᠠᠬᠢ ᠲᠣᠭᠲᠠᠭᠤᠨ ᠪᠤᠰᠤ ᠬᠦᠴᠦᠨ ᠵᠦᠢᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠣᠣᠷᠵᠢᠯ ᠳᠤ ᠭᠦᠨᠵᠡᠭᠡᠶᠢᠷᠡᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ᠂ ᠠᠮᠢᠳᠤᠷᠠᠯ ᠤᠨ ᠪᠠᠶᠢᠳᠠᠯ ᠵᠡᠷᠭᠡ ᠶᠢ ᠣᠶᠢᠯᠠᠭᠠᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠲᠡᠭ ᠮᠡᠳᠡᠭᠦᠯᠦᠯᠳᠡ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ᠃    ᠲᠠᠪᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠦᠨᠳᠦᠰᠦᠲᠡᠨ ᠤ ᠪᠦᠯᠬᠦᠮᠳᠡᠯ ᠤᠨ ︽ᠰᠢᠨ᠎ᠡ ᠬᠠᠭᠤᠳᠠᠰᠤ︾ ᠶᠢ ᠵᠢᠷᠤᠭᠯᠠᠨ᠎ᠠ    ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠵᠢᠯᠣᠭᠤᠳᠣᠯᠭ᠎ᠠ ᠳᠣᠣᠷ᠎ᠠ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠯᠬᠦᠮᠳᠡᠨ ᠬᠠᠪᠰᠤᠷᠤᠯᠴᠠᠬᠤ᠂ ᠡᠶ᠎ᠡ ᠵᠣᠬᠢᠴᠠᠩᠭᠤᠢ ᠨᠥᠬᠦᠷᠰᠡᠭ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠪᠠ᠃ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠴᠢᠷᠮᠠᠶᠢᠨ ᠣᠯᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠴᠢᠷᠮᠠᠶᠢᠨ ᠣᠯᠵᠤ᠂ ᠸᠠᠨ ᠱᠧᠩ ᠬᠤᠤ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ ᠹᠧᠩ ᠸᠠᠨ ᠠᠮᠤ ᠪᠤᠳᠠᠭ᠎ᠠ ᠬᠠᠲᠠᠭᠠᠬᠤ ᠦᠢᠯᠡᠳᠪᠦᠷᠢ ᠪᠠᠷ ᠭᠤᠣᠯ ᠪᠣᠯᠭᠠᠭᠰᠠᠨ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ 19 ᠲᠣᠰᠬᠤᠨ ᠪᠦᠯᠬᠦᠮ ᠢᠶᠠᠷ ᠳᠠᠭᠠᠭᠤᠯᠤᠨ ᠬᠥᠭᠵᠢᠭᠦᠯᠬᠦ ᠬᠢᠵᠠᠭᠠᠷᠲᠤ ᠺᠣᠮᠫᠠᠨᠢ ᠶᠢ ᠡᠭᠦᠳᠦᠨ ᠪᠠᠶᠢᠭᠤᠯᠵᠤ᠂ ᠶᠢᠨ ᠯᠢᠩ ᠺᠣᠮᠫᠠᠨᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠨᠢ ᠨᠢᠭᠡᠨᠲᠡ 500 ᠲᠦᠮᠡᠨ ᠲᠥᠭᠦᠷᠢᠭ ᠲᠤ ᠬᠦᠷᠪᠡ︔ ᠶᠥᠩ ᠾᠧ ᠭᠦᠩ᠂ ᠪᠦ᠋ ᠾᠧ ᠱᠢ᠂ ᠵᠤᠤ ᠳ᠋ᠢ ᠵᠡᠷᠭᠡ ᠲᠣᠰᠬᠤᠨ ᠳᠤ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 2024 ᠣᠨ ᠤ ᠡᠴᠦᠰ ᠲᠤ ᠨᠢᠭᠡᠨᠲᠡ 3231 ᠡᠷᠦᠬᠡ ᠨᠡᠭᠦᠷᠡᠰᠦ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ︔ ᠮᠦ ᠭᠤᠸᠠᠩ ᠠᠵᠢᠯᠯᠠᠭ᠎ᠠ ᠶᠢ 445 ᠡᠷᠦᠬᠡ ᠬᠡᠷᠡᠭᠵᠢᠭᠦᠯᠪᠡ︔ ᠵᠣᠷᠯᠣᠩ ᠢ ᠥᠭᠡᠷᠡᠴᠢᠯᠡᠬᠦ ᠱᠠᠭᠠᠷᠳᠠᠯᠭ᠎ᠠ ᠶᠣᠰᠣᠭᠠᠷ᠂ 43 ᠡᠷᠦᠭᠡ ᠤᠰᠦᠠ ᠵᠣᠷᠯᠣᠩ ᠢ ᠰᠢᠨ᠎ᠡ ᠪᠠᠷ ᠪᠠᠶᠢᠭᠤᠯᠬᠤ ᠶᠢᠨ ᠬᠠᠮᠲᠤ 305 ᠵᠣᠷᠯᠣᠩ ᠢ ᠴᠡᠪᠡᠷᠯᠡᠨ ᠭᠠᠷᠭᠠᠬᠤ ᠦᠢᠯᠡᠴᠢᠯᠡᠭᠡ ᠬᠠᠩᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠪᠦᠬᠦ ᠲᠠᠯ᠎ᠠ ᠪᠠᠷ ᠬᠦᠴᠦᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃    ᠦᠨᠳᠦᠰᠦᠲᠡᠨ ᠤ ᠪᠦᠯᠬᠦᠮᠳᠡᠯ ᠤᠨ ᠴᠡᠴᠡᠭ ᠪᠠᠳᠠᠷᠠᠨ ᠳᠡᠯᠭᠡᠷᠡᠵᠦ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ ᠵᠢᠨᠱᠠᠨ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠰᠢᠵᠢᠮ ᠢ ᠦᠷᠭᠦᠯᠵᠢᠯᠡᠨ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠳᠤᠮᠳᠠ ᠪᠠᠨ ᠪᠦᠬᠦ ᠲᠠᠯ᠎ᠠ ᠪᠠᠷ᠂ ᠭᠦᠨᠵᠡᠭᠡᠢ᠂ ᠪᠣᠳᠠᠲᠠᠢ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠵᠢᠨᠱᠠᠨ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号