ᠬᠠᠪᠤᠷ ᠤᠨ ᠤᠷᠢᠨ ᠳᠤ᠂ ᠡᠷᠡᠭᠦᠯ ᠡᠩᠭᠡ ᠤᠷᠤᠭᠰᠢᠯᠠᠶ᠎ᠠ - ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠤᠭᠤᠲᠤ ᠬᠤᠲᠠ ᠶᠢᠨ ᠨᠡᠷᠡᠲᠦ ᠡᠮᠴᠢ ᠲᠠᠢ ᠬᠠᠮᠲᠤᠷᠠᠨ ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠲᠤ ᠡᠷᠡᠭᠦᠯ ᠮᠡᠨᠳᠦ ᠬᠦᠷᠭᠡᠪᠡ
ᠨᠡᠶᠢᠲᠡᠯᠡᠭᠰᠡᠨ ᠴᠠᠭ᠄
2025/3/14
   ᠬᠥᠳᠡᠭᠡ ᠲᠣᠰᠬᠤᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠪᠤᠭᠤᠲᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠵᠢᠯᠴᠠᠨ᠂ ︽ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠵᠢᠴᠢ ︽ᠪᠢ ᠡᠮᠡᠭᠲᠡᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ ᠥᠷᠨᠢᠭᠦᠯᠪᠡ᠃ 3 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠠᠶᠢᠷ᠎ᠠ ᠬᠠᠯᠠᠮᠵᠢ ᠶᠢ ᠳᠦᠭᠦᠷᠲᠡᠯ᠎ᠡ ᠠᠴᠢᠶᠠᠯᠠᠭᠰᠠᠨ ᠡᠷᠡᠭᠦᠯ ᠮᠡᠨᠳᠦ ᠶᠢᠨ ᠦᠪᠡᠳᠡᠭᠰᠢ ᠨᠠᠶᠢᠷ ᠨᠢ ᠬᠤᠸᠠᠢ ᠱᠦᠸᠧ ᠪᠠᠯᠭᠠᠰᠤᠨ ᠳᠤ ᠬᠥᠰᠢᠭᠡ ᠪᠠᠨ ᠰᠡᠬᠦᠵᠦ᠂ ᠮᠠᠨ ᠤ ᠪᠠᠯᠭᠠᠰᠤᠨ ᠤ ᠡᠮᠡᠭᠲᠡᠶ ᠣᠯᠠᠨ ᠲᠦᠮᠡᠨ ᠳᠤ ᠨᠢᠭᠡ ᠤᠳᠠᠭᠠᠨ ᠤ ᠮᠡᠳᠡᠯᠭᠡ ᠪᠠ ᠡᠷᠡᠭᠦᠯ ᠮᠡᠨᠳᠦ ᠶᠢᠨ ᠬᠤᠣᠰ ᠰᠢᠮ᠎ᠡ ᠲᠡᠵᠢᠭᠡᠯ ᠠᠪᠴᠢᠷᠠᠵᠤ ᠥᠭᠴᠡᠢ᠃    ᠠᠵᠢᠯᠯᠠᠭ᠎ᠠ ᠶᠢᠨ ᠳᠤᠮᠳᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠧᠦ᠋ᠷᠣᠫᠠ ᠡᠮᠨᠡᠯᠭᠡ ᠶᠢᠨ ᠮᠡᠳᠡᠷᠡᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ ᠫᠠᠨ ᠰᠢᠶᠣᠤ ᠬᠤᠸᠠ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠬᠣ᠋ ᠯᠢ ᠹᠠᠩ ᠢ ᠲᠤᠰᠬᠠᠶᠢᠯᠠᠨ ᠤᠷᠢᠵᠤ᠂ ᠲᠤᠰ ᠲᠤᠰ ︽ᠰᠢᠭᠰᠢᠨ ᠪᠠᠶᠢᠴᠠᠭᠠᠬᠤ ᠶᠠᠪᠤᠴᠠ ᠵᠢᠴᠢ ᠡᠷᠲᠡ ᠬᠤᠭᠤᠴᠠᠭᠠᠨ ᠤ ᠰᠢᠭᠰᠢᠨ ᠪᠠᠶᠢᠴᠠᠭᠠᠯᠲᠠ ᠶᠢᠨ ᠴᠢᠬᠤᠯᠠ ᠴᠢᠨᠠᠷ︾᠂ ︽ᠲᠠᠯ᠎ᠠ ᠲᠣᠯᠣᠭᠠᠢ ᠡᠪᠡᠳᠬᠦ ᠶᠢ ᠬᠡᠷᠬᠢᠨ ᠰᠡᠷᠭᠡᠶᠢᠯᠡᠬᠦ︾᠂ ︽ᠬᠠᠪᠤᠷ ᠤᠨ ᠤᠯᠠᠷᠢᠯ ᠤᠨ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠵᠠᠮ︾ ᠵᠡᠷᠭᠡ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ ᠲᠤᠰᠬᠠᠢ ᠮᠡᠷᠭᠡᠵᠢᠯᠲᠡᠳ ᠠᠮᠢᠳᠤᠯᠢᠭ ᠬᠡᠷᠡᠭ ᠤᠨ ᠵᠢᠱᠢᠶ᠎ᠡ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠲᠤᠰᠬᠠᠢ ᠮᠡᠷᠭᠡᠵᠢᠯ ᠤᠨ ᠠᠨᠠᠭᠠᠬᠤ ᠤᠬᠠᠭᠠᠨ ᠤ ᠮᠡᠳᠡᠯᠭᠡ ᠶᠢ ᠶᠠᠷᠢᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠣᠢ ᠪᠣᠯᠭᠠᠵᠤ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠵᠠᠢ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠡᠮᠡᠭᠲᠡᠶᠢᠴᠦᠳ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠲᠣᠯᠣᠭᠠᠢ ᠳᠣᠬᠢᠨ ᠮᠠᠭᠲᠠᠨ ᠰᠠᠶᠢᠰᠢᠶᠠᠵᠤ᠂ ᠶᠡᠭᠡ ᠣᠯᠤᠯᠲᠠ ᠲᠠᠢ ᠭᠡᠵᠦ ᠢᠯᠡᠳᠬᠡᠵᠡᠭᠡᠪᠡ᠃    ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠤᠶᠠᠷ ᠲᠤᠰᠬᠠᠢ ᠮᠡᠷᠭᠡᠵᠢᠯᠲᠡᠨ ᠪᠠᠰᠠ ᠡᠮᠡᠭᠳᠡᠶᠢᠴᠦᠳ ᠲᠤ ᠳᠣᠲᠣᠨᠣ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠲᠡᠳᠡ ᠬᠦᠮᠦᠨ ᠨᠢᠭᠡᠪᠦᠷᠢ ᠶᠢᠨ ᠡᠷᠡᠭᠦᠯ ᠮᠡᠨᠳᠦ ᠶᠢᠨ ᠲᠥᠭᠡᠷᠢᠭᠳᠡᠯ ᠢ ᠬᠦᠯᠢᠴᠡᠩᠭᠦᠢ ᠪᠠᠷ ᠰᠣᠨᠣᠰᠴᠤ᠂ ᠮᠠᠳᠠᠭ ᠲᠠᠢ ᠠᠰᠠᠭᠤᠳᠠᠯ ᠢ ᠨᠠᠷᠢᠨ ᠨᠢᠮᠪᠠᠢ ᠬᠠᠷᠢᠭᠤᠯᠤᠭᠰᠠᠨ ᠪᠥᠭᠡᠳ ᠬᠤᠪᠢ ᠬᠦᠮᠦᠨ ᠤ ᠪᠠᠶᠢᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠡᠨᠡ ᠬᠦ ︽ᠭᠡᠷ ᠤᠨ ᠡᠭᠦᠳᠡᠨ︾ ᠤ ᠬᠠᠯᠠᠮᠵᠢᠯᠠᠯ ᠨᠢ ᠡᠮᠡᠭᠲᠡᠶᠢᠴᠦᠳ ᠲᠤ ᠬᠠᠯᠠᠭᠤᠨ ᠳᠤᠯᠠᠭᠠᠨ ᠪᠠ ᠪᠣᠳᠠᠲᠤ ᠠᠰᠢᠭ ᠲᠤᠰᠠ ᠶᠢ ᠦᠨᠡᠨ ᠬᠦ ᠮᠡᠳᠡᠷᠡᠭᠦᠯᠦᠭᠰᠡᠨ ᠪᠠᠶᠢᠨ᠎ᠠ᠃ᠲᠤᠰ ᠤᠳᠠᠭᠠᠨ ᠤ ︽ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠠᠨᠳᠤᠭᠤᠯᠬᠤ︾ ᠠᠵᠢᠯᠯᠠᠭ᠎ᠠ ᠨᠢ ᠮᠠᠨ ᠤ ᠪᠠᠯᠭᠠᠰᠤᠨ ᠤ ᠡᠮᠡᠭᠲᠡᠶᠢᠴᠦᠳ ᠣᠯᠠᠨ ᠲᠦᠮᠡᠨ ᠳᠤ ᠦᠨᠡᠨ ᠪᠣᠳᠠᠲᠠᠢ ᠡᠷᠡᠭᠦᠯ ᠮᠡᠨᠳᠦ ᠶᠢᠨ ᠦᠢᠯᠡᠴᠢᠯᠡᠭᠡ ᠬᠦᠷᠭᠡᠭᠰᠡᠨ ᠢᠶᠠᠷ ᠪᠠᠷᠠᠬᠤ ᠦᠭᠡᠢ᠂ ᠨᠡᠩ ᠴᠤ ᠲᠡᠳᠡᠨ ᠤ ᠰᠡᠳᠬᠢᠯ ᠳᠤ ᠰᠢᠨᠵᠢᠯᠡᠬᠦ ᠤᠬᠠᠭᠠᠨᠴᠢ ᠡᠷᠡᠭᠦᠯᠵᠢᠯ ᠤᠨ ᠦᠷ᠎ᠡ ᠶᠢ ᠲᠠᠷᠢᠵᠤ᠂ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ ᠪᠠᠶᠢᠨ᠎ᠠ᠃    ᠬᠤᠸᠠᠢ ᠱᠦᠸᠧ ᠪᠠᠯᠭᠠᠰᠤ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠲᠠᠢ ᠬᠠᠮᠲᠤᠷᠠᠨ ᠨᠡᠩ ᠣᠯᠠᠨ ᠠᠵᠢᠯᠯᠠᠭ᠎ᠠ ᠥᠷᠨᠢᠭᠦᠯᠵᠦ᠂ ᠨᠡᠩ ᠣᠯᠠᠨ ᠰᠢᠯᠢᠳᠡᠭ ᠡᠬᠢ ᠪᠠᠶᠠᠯᠢᠭ ᠪᠣᠯᠤᠨ ᠦᠢᠯᠡᠴᠢᠯᠡᠭᠡ ᠶᠢ ᠡᠮᠡᠭᠲᠡᠢ ᠣᠯᠠᠨ ᠲᠦᠮᠡᠨ ᠤ ᠳᠡᠷᠭᠡᠳᠡ ᠬᠦᠷᠭᠡᠵᠦ᠂ ᠡᠷᠡᠭᠦᠯ ᠮᠡᠨᠳᠦ ᠪᠣᠯᠤᠨ ᠰᠢᠨᠵᠢᠯᠡᠬᠦ ᠤᠬᠠᠭᠠᠨᠴᠢ ᠨᠠᠷᠠᠨ ᠤ ᠭᠡᠷᠡᠯ ᠢ ᠬᠥᠳᠡᠭᠡ ᠲᠣᠰᠬᠤᠨ ᠤ ᠥᠨᠴᠥᠭ ᠪᠤᠯᠤᠩ ᠨᠢᠭᠡᠪᠦᠷᠢ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠣᠯᠠᠨ ︽ᠬᠦᠴᠦᠨ︾ ᠢ ᠨᠡᠮᠡᠷᠢᠯᠡᠬᠦ ᠪᠠᠷ ᠴᠢᠷᠮᠠᠶᠢᠨ᠎ᠠ ᠭᠡᠵᠡᠢ᠃ 
 
ᠢᠷᠡᠯᠲᠡ᠄ ᠬᠤᠸᠠᠢ ᠱᠦᠸᠧ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号