2025 ᠣᠨ ᠤ 3 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠭᠦᠶᠡᠩ ᠰᠢᠶᠠᠨ ᠤ ᠬᠤᠸᠠᠢ | ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ ᠪᠤᠭᠤᠲᠤ ᠬᠤᠲᠠ ᠶᠢᠨ ᠡᠮᠡᠭᠲᠡᠶᠢᠴᠦᠳ ᠤᠨ | ᠬᠤᠯᠪᠣᠭᠠᠲᠤ ᠬᠤᠷᠠᠯ ᠪᠣᠯᠤᠨ ᠭᠦᠶᠡᠩ ᠰᠢᠶᠠᠨ ᠤ ᠬᠤᠸᠠᠢ ᠱᠦᠸᠧ ᠪᠠᠯᠭᠠᠰᠤᠨ ᠤ ᠡᠯ ᠶᠤᠸᠡᠢ ᠳ᠋ᠢ ᠲᠣᠰᠬᠤᠨ ᠳᠤ | ︽ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ | ᠵᠢᠴᠢ ︽ᠪᠢ ᠡᠮᠡᠭᠲᠡᠶᠢᠴᠦᠳ ᠲᠤ ᠪᠣᠳᠠᠲᠠᠢ ᠶᠠᠪᠤᠳᠠᠯ ᠬᠢᠵᠦ ᠥᠭᠬᠦ︾ ᠪᠠᠷ ᠭᠤᠣᠯ ᠰᠡᠳᠦᠪ ᠪᠣᠯᠭᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠣᠯᠢᠯᠴᠠᠭ᠎ᠠ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ | ᠰᠢᠢᠳᠪᠦᠷᠢᠯᠡᠬᠦ ᠵᠡᠷᠭᠡ ᠬᠡᠯᠪᠡᠷᠢ ᠪᠠᠷ ᠳᠠᠮᠵᠢᠭᠤᠯᠵᠤ᠂ ᠲᠣᠰᠬᠤᠨ ᠤ ᠠᠷᠠᠳ ᠵᠢᠴᠢ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯᠲᠠᠳ ᠲᠤ ᠬᠠᠷᠢᠯᠴᠠᠨ ᠬᠥᠳᠡᠯᠦᠯᠴᠡᠬᠦ ᠲᠠᠪᠴᠠᠩ ᠪᠠᠶᠢᠭᠤᠯᠤᠨ ᠥᠭᠴᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ᠃ | ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠮᠡᠷᠭᠡᠵᠢᠯ ᠤᠨ ᠭᠤᠷᠪᠠᠨ ᠠᠵᠢᠯᠲᠠᠨ ᠮᠠᠯᠴᠢᠨ ᠲᠠᠷᠢᠶᠠᠴᠢᠨ ᠤ | ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠷᠢᠮᠠᠯ ᠤᠨ ᠡᠷᠦᠬᠡ᠂ ᠲᠡᠵᠢᠭᠡᠨ ᠦᠷᠡᠵᠢᠭᠦᠯᠬᠦ | ᠡᠷᠦᠬᠡ ᠶᠢᠨ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠵᠤ᠂ ᠲᠤᠬᠠᠢ ᠶᠢᠨ ᠭᠠᠵᠠᠷ ᠲᠤ ᠪᠠᠶᠢᠩᠭᠤ ᠲᠣᠬᠢᠶᠠᠯᠳᠤᠬᠤ | ᠪᠠ ᠵᠠᠷᠢᠮ ᠬᠤᠪᠣᠷ ᠲᠣᠬᠢᠶᠠᠯᠳᠤᠬᠤ ᠡᠪᠡᠳᠴᠢᠨ ᠤ ᠬᠤᠷᠣᠬᠠᠢ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠ | ᠠᠷᠭ᠎ᠠ ᠶᠢ ᠲᠠᠨᠢᠯᠴᠠᠭᠤᠯᠤᠭᠰᠠᠨ ᠪᠥᠭᠡᠳ ᠲᠣᠰᠬᠤᠨ ᠤ ᠠᠷᠠᠳ ᠤᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ | ᠠᠰᠠᠭᠤᠳᠠᠯ ᠢ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠠᠭ ᠲᠤᠬᠠᠢ ᠳᠤᠨᠢ | ᠲᠡᠳᠡᠨ ᠤ ᠳᠡᠷᠭᠡᠳᠡ ᠬᠦᠷᠭᠡᠪᠡ᠃ ᠲᠣᠰᠬᠤᠨ ᠤ ᠠᠷᠠᠳ ᠢᠳᠡᠪᠬᠢᠲᠡᠢ ᠠᠰᠠᠭᠤᠯᠲᠠ ᠠᠰᠠᠭᠤᠵᠤ᠂ ᠲᠤᠰᠬᠠᠢ | ᠮᠡᠷᠭᠡᠵᠢᠯᠲᠡᠨ ᠣᠨᠢᠨ ᠳᠡᠭᠡᠷ᠎ᠡ ᠨᠢ ᠡᠯᠰᠡᠵᠦ᠂ ᠲᠣᠰᠬᠤᠨ ᠤ ᠠᠷᠠᠳ ᠤᠨ ᠳᠤᠷᠠᠳᠤᠭᠰᠠᠨ ︽ᠬᠤᠨᠢᠨ ᠰᠦᠷᠦᠭ | ᠬᠠᠪᠤᠷ ᠤᠨ ᠤᠯᠠᠷᠢᠯ ᠳᠤ ᠠᠮᠠᠷᠬᠠᠨ ᠰᠢᠯᠦᠬᠡᠢ ᠡᠪᠡᠳᠴᠢᠨ ᠣᠯᠳᠠᠭ᠂ ᠬᠡᠷᠬᠢᠨ ᠰᠡᠷᠭᠡᠶᠢᠯᠡᠬᠦ ᠪᠤᠢ︖ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠳ ᠲᠣᠭᠲᠠᠭᠰᠠᠨ ᠬᠤᠭᠤᠴᠠᠭ᠎ᠠ ᠲᠠᠢ ᠪᠠᠷ ᠸᠠᠺᠼᠢᠨ ᠤ ᠲᠠᠷᠢᠯᠭ᠎ᠠ ᠬᠢᠵᠦ᠂ | ᠬᠦᠷᠢᠶ᠎ᠡ ᠬᠠᠰᠢᠶ᠎ᠠ ᠪᠠᠨ ᠰᠠᠶᠢᠲᠤᠷ ᠠᠷᠢᠭᠤᠳᠬᠠᠬᠤ ᠶᠢ ᠰᠠᠨᠠᠭᠤᠯᠬᠤ ᠶᠢᠨ ᠬᠠᠮᠲᠤ ᠠᠮᠢᠳᠤ ᠪᠣᠳᠠᠰ ᠤᠨ ᠨᠠᠶᠢᠷᠠᠯᠭ᠎ᠠ ᠶᠢ | ᠣᠷᠣᠭᠤᠯᠤᠨ ᠦᠯᠦ ᠬᠠᠯᠳᠠᠭᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ︾ ᠭᠡᠵᠡᠢ᠃ | ᠡᠭᠦᠨ ᠠᠴᠠ ᠭᠠᠳᠠᠨ᠎ᠠ᠂ ᠮᠡᠷᠭᠡᠵᠢᠯ ᠤᠨ ᠠᠵᠢᠯᠲᠠᠳ ᠪᠠᠰᠠ ᠲᠣᠰᠬᠤᠨ ᠤ ᠠᠷᠠᠳ ᠲᠤ ᠪᠷᠦ᠋ᠼᠧᠯ ᠡᠪᠡᠳᠴᠢᠨ ᠤ | ᠤᠬᠠᠭᠤᠯᠭ᠎ᠠ ᠶᠢᠨ ᠮᠠᠲ᠋ᠧᠷᠢᠶᠠᠯ ᠵᠢᠴᠢ ᠪᠷᠦ᠋ᠼᠧᠯ ᠡᠪᠡᠳᠴᠢᠨ ᠢ ᠰᠡᠷᠭᠡᠶᠢᠯᠡᠬᠦ ᠠᠮᠠᠪᠴᠢ᠂ ᠪᠡᠭᠡᠯᠡᠢ ᠵᠡᠷᠭᠡ ᠪᠣᠳᠠᠰ ᠢ | ᠲᠠᠷᠬᠠᠭᠠᠵᠤ᠂ ᠲᠣᠰᠬᠤᠨ ᠤ ᠠᠷᠠᠳ ᠲᠤ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢ | ᠰᠠᠨᠠᠭᠤᠯᠪᠠ᠃ | ᠲᠠᠷᠢᠵᠤ ᠲᠡᠵᠢᠭᠡᠨ ᠦᠷᠡᠵᠢᠭᠦᠯᠬᠦ ᠡᠷᠦᠬᠡ᠄ ᠣᠯᠠᠨ ᠲᠦᠮᠡᠨ ᠲᠠᠢ ᠣᠶᠢᠷᠠᠲᠤᠬᠤ᠂ ᠥᠩᠭᠡᠷᠡᠭᠰᠡᠨ ᠳᠤ | ᠠᠰᠠᠭᠤᠳᠠᠯ ᠲᠤᠯᠭᠠᠷᠠᠪᠠᠯ ᠵᠥᠪᠬᠡᠨ ᠪᠠᠴᠢᠮᠳᠠᠵᠤ ᠪᠠᠶᠢᠪᠠ᠂ ᠣᠳᠣ ᠲᠤᠰᠬᠠᠢ ᠮᠡᠷᠭᠡᠵᠢᠯᠲᠡᠳ ᠮᠡᠷᠭᠡᠵᠢᠯ ᠢᠶᠠᠨ | ᠭᠡᠷ ᠤᠨ ᠢᠶᠠᠨ ᠡᠭᠦᠳᠡᠨ ᠳᠤ ᠬᠦᠷᠭᠡᠵᠦ᠂ ᠣᠳᠣᠬᠠᠨ ᠤ ᠲᠠᠷᠢᠵᠤ ᠲᠡᠵᠢᠭᠡᠨ ᠦᠷᠡᠵᠢᠭᠦᠯᠬᠦ ᠶᠠᠪᠤᠴᠠ ᠳᠠᠬᠢ ᠪᠣᠳᠠᠲᠠᠢ | ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠨᠡᠨ ᠪᠣᠳᠠᠲᠠᠢ ᠪᠠᠷ ᠰᠢᠢᠳᠪᠦᠷᠢᠯᠡᠭᠰᠡᠨ︕ ᠭᠡᠵᠦ ᠢᠯᠡᠳᠬᠡᠵᠡᠭᠡᠪᠡ᠃ | ᠡᠨᠡ ᠨᠢ ᠳᠠᠷᠠᠭᠠᠴᠢ ᠶᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠲᠡᠢ ᠮᠡᠷᠭᠡᠵᠢᠯ ᠤᠨ | ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ︽ | ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ | ᠠᠵᠢᠯᠯᠠᠭ᠎ᠠ ᠨᠢ ᠲᠠᠷᠢᠶᠠᠯᠠᠩ ᠤᠨ ᠴᠠᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠵᠠᠪᠳᠤᠨ ᠠᠳᠬᠤᠵᠤ᠂ | ᠬᠠᠪᠤᠷ ᠤᠨ ᠲᠣᠣᠷ ᠢ ᠬᠥᠰᠡᠷᠳᠡᠭᠦᠯᠬᠦ ᠦᠭᠡᠢ ᠪᠠᠷ ᠲᠠᠷᠢᠶᠠᠯᠠᠩ ᠢ ᠰᠠᠭᠠᠲᠠᠭᠠᠬᠤ ᠦᠭᠡᠢ ᠪᠠᠶᠢᠵᠤ᠂ ᠲᠣᠰᠬᠤᠨ ᠤ | ᠠᠷᠠᠳ ᠲᠤ ︽ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ︾ ᠪᠣᠳᠠᠲᠤ ᠠᠰᠢᠭ ᠬᠦᠷᠭᠡᠭᠰᠡᠨ ᠢᠶᠠᠷ ᠪᠠᠷᠠᠬᠤ | ᠦᠭᠡᠢ ᠪᠠᠰᠠ ᠬᠥᠳᠡᠭᠡ ᠲᠣᠰᠬᠤᠨ ᠤ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠷᠤᠯᠴᠠᠬᠤ᠂ | ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠬᠦ ᠢᠳᠡᠪᠬᠢᠵᠢᠯ ᠢ ᠬᠥᠭᠵᠢᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ | ᠂ ᠬᠤᠸᠠᠢ ᠱᠦᠸᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ︽ᠡᠮᠡᠭᠲᠡᠶᠢᠴᠦᠳ ᠲᠤ | ᠦᠢᠯᠡᠴᠢᠯᠡᠵᠦ᠂ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠣᠯ ᠪᠣᠯᠭᠠᠵᠤ᠂ ᠡᠮᠡᠭᠲᠡᠶᠢᠴᠦᠳ ᠤᠨ | ᠬᠥᠭᠵᠢᠯᠲᠡ ᠶᠢᠨ ᠬᠡᠷᠡᠭᠴᠡᠭᠡ ᠶᠢ ᠢᠮᠠᠭᠲᠠ ᠠᠩᠬᠠᠷᠴᠤ᠂ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠠᠵᠢᠯᠲᠠᠳ ᠤᠨ ︽ᠬᠠᠭᠠᠰ ᠲᠩᠷᠢ︾ ᠶᠢᠨ ᠦᠢᠯᠡᠳᠦᠯ ᠢ ᠪᠠᠳᠠᠷᠠᠭᠤᠯᠵᠤ᠂ ︽ᠡᠮᠡᠭᠲᠡᠶᠢᠴᠦᠳ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ︾ ᠶᠢ ᠰᠢᠯᠭᠠᠷᠠᠭᠤᠯᠵᠤ᠂ ᠲᠤᠰ ᠨᠤᠲᠤᠭ ᠤᠨ ᠮᠡᠷᠭᠡᠵᠢᠯ ᠤᠨ ᠭᠤᠣᠯᠯᠠᠭᠴᠢ | ᠬᠦᠴᠦᠨ ᠢ ᠬᠥᠮᠦᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠣᠨᠢᠨ ᠳᠡᠭᠡᠷ᠎ᠡ ᠨᠢ ᠵᠣᠯᠭᠠᠭᠤᠯᠬᠤ ᠪᠠᠷ | ᠳᠠᠮᠵᠢᠭᠤᠯᠵᠤ᠂ ᠲᠣᠰᠬᠤᠨ ᠤ ᠠᠷᠠᠳ ᠢ ᠭᠡᠷ ᠤᠨ ᠡᠭᠦᠳᠡᠨ ᠳᠤ ᠬᠡᠷᠡᠭᠯᠡᠭᠡᠨ ᠤ ᠮᠡᠷᠭᠡᠵᠢᠯ ᠢ ᠰᠤᠷᠭᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠣᠯᠠᠨ ︽ᠡᠮᠡᠭᠲᠡᠶᠢᠴᠦᠳ ᠤᠨ ᠬᠥᠳᠡᠯᠭᠡᠬᠦ ᠬᠦᠴᠦᠨ︾ | ᠨᠡᠮᠡᠷᠢᠯᠡᠨ᠎ᠡ᠃ | | |