ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠴᠡᠭᠴᠡᠯᠡᠨ ᠵᠠᠰᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/3/14
          ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ     ᠪᠤᠯᠠᠰᠢ ᠠᠴᠠ ᠵᠥᠷᠢᠴᠡᠭᠰᠡᠨ ᠭᠠᠵᠠᠷ ᠢ ᠴᠡᠭᠴᠡᠯᠡᠨ ᠵᠠᠰᠠᠬᠤ ᠲᠤᠬᠠᠢ ᠠᠯᠪᠠᠨ ᠵᠠᠷ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠴᠡᠭᠴᠡᠯᠡᠨ ᠵᠠᠰᠠᠵᠤ ᠦᠨᠳᠦᠰᠦ ᠶᠢ ᠪᠠᠬᠢᠵᠢᠭᠦᠯᠵᠦ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2020﹈ 10 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ 2025 ᠣᠨ ᠳᠤ ᠪᠥᠬᠦ ᠰᠢᠶᠠᠨ ᠤ ᠬᠡᠪᠴᠢᠶᠡᠨ ᠳᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠵᠠᠰᠠᠬᠤ ᠬᠦᠷᠢᠶ᠎ᠡ ᠬᠡᠪᠴᠢᠶ᠎ᠡ     ︽ᠭᠤᠷᠪᠠᠨ ᠳᠠᠭᠠᠤ ᠳᠣᠯᠣᠭᠠᠨ ᠲᠣᠭᠤᠷᠢᠭ︾ ︵ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠤᠯ ᠤᠨ ᠵᠠᠮ ᠳᠠᠭᠠᠤ︔ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠨᠡᠷᠡᠲᠦ ᠣᠷᠣᠨ᠂ ᠲᠥᠪᠯᠡᠷᠡᠭᠰᠡᠨ ᠣᠷᠣᠨ ᠰᠠᠭᠤᠴᠠ ᠶᠢᠨ ᠲᠣᠭᠤᠷᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠪᠠ ᠠᠵᠤ ᠦᠢᠯᠡᠳᠪᠦᠷᠢ ᠶᠢᠨ ᠬᠦᠷᠢᠶᠡᠯᠡᠩ︶ ᠤᠨ ᠬᠡᠪᠴᠢᠶᠡᠨ ᠳᠣᠲᠣᠷ᠎ᠠ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠭᠠᠵᠠᠷ ᠪᠠ ᠲᠡᠦᠬᠡ ᠶᠢᠨ ᠲᠥᠪᠯᠡᠷᠡᠭᠦᠯᠦᠨ ᠪᠤᠯᠠᠬᠤ ᠭᠠᠵᠠᠷ ᠵᠢᠴᠢ ᠬᠡᠪᠴᠢᠶᠡᠨ ᠳᠣᠲᠣᠷᠠᠬᠢ ︽ᠬᠠᠳᠠᠭᠤᠷᠠᠭᠤᠯᠤᠭᠰᠠᠨ ᠲᠣᠮᠣ ᠣᠩᠭᠤᠨ︾᠂ ︽ᠠᠮᠢᠳᠤ ᠬᠥᠮᠦᠨ ᠤ ᠣᠩᠭᠤᠨ︾ ᠶᠢ ᠵᠢᠭᠠᠵᠤ ᠪᠤᠶ᠃     ᠬᠤᠶᠠᠷ᠂ ᠵᠠᠰᠠᠬᠤ ᠠᠭᠤᠯᠭ᠎ᠠ ᠵᠢᠴᠢ ᠠᠷᠭ᠎ᠠ ᠮᠠᠶ᠋ᠢᠭ     ︵ᠨᠢᠭᠡ︶ ᠬᠠᠲᠠᠭᠤᠷᠠᠭᠤᠯᠬᠤ᠂ ᠴᠢᠯᠠᠭᠤᠨ ᠲᠣᠰᠣ ᠬᠢᠮᠢ᠂ ᠪᠦᠲᠦᠴᠡ ᠲᠠᠢ  ᠪᠠᠷᠢᠯᠭ᠎ᠠ ᠶᠢᠨ ᠵᠦᠢᠯᠡᠰ ᠢ ᠬᠠᠲᠠᠭᠤᠷᠠᠭᠤᠯᠬᠤ᠂ ᠬᠤᠰᠤᠭᠤᠷ ᠭᠠᠵᠠᠷ ᠢ ᠳᠤᠷ᠎ᠠ ᠪᠠᠷ ᠢᠶᠠᠨ ᠬᠦᠷᠢᠶᠡᠯᠡᠬᠦ᠂ ᠬᠦᠷᠢᠶ᠎ᠡ ᠬᠡᠷᠡᠮ᠂ ︽ᠰᠠᠯᠬᠢᠨ ᠤᠰᠤᠨ ᠬᠡᠷᠡᠮ︾ ᠵᠡᠷᠭᠡ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠣᠳᠠᠰ ᠢ ᠬᠠᠳᠠᠭᠤᠷᠠᠭᠤᠯᠬᠤ ᠶᠢᠨ ᠬᠠᠮᠲᠤ ᠭᠦᠨ ᠪᠤᠯᠠᠵᠤ ᠰᠢᠢᠳᠪᠦᠷᠢᠯᠡᠨ᠂ ᠡᠵᠡᠯᠡᠭᠰᠡᠨ ᠲᠠᠯᠠᠪᠠᠢ ᠪᠠᠷ ᠨᠡᠯᠢᠶᠡᠳ ᠶᠡᠭᠡ ᠪᠤᠯᠠᠰᠢᠨ ᠤ ᠭᠠᠵᠠᠷ ᠢ ᠪᠠᠭᠠᠰᠬᠠᠵᠤ᠂ ᠣᠩᠭᠤᠨ ᠤ ᠦᠩᠭᠡ ᠨᠢ ᠬᠠᠷ᠎ᠠ ᠥᠩᠭᠡ ᠠᠴᠠ ᠰᠢᠷ᠎ᠠ ᠥᠩᠭᠡ ᠪᠣᠯᠭᠠᠨ ᠰᠣᠯᠢᠵᠤ᠂ ᠣᠩᠭᠤᠨ ᠤ ᠬᠢᠨᠢ ᠬᠠᠲᠠᠭᠤᠷᠠᠭᠤᠯᠤᠭᠰᠠᠨ ᠬᠡᠰᠡᠭ ᠢ ᠰᠢᠷᠣᠶ ᠶᠢᠨ ᠪᠤᠯᠠᠰᠢᠨ ᠤ ᠭᠠᠵᠠᠷ ᠪᠣᠯᠭᠠᠨ ᠰᠡᠷᠭᠦᠭᠡᠵᠦ᠂ ᠥᠩᠭᠡᠨ ᠲᠠᠯ᠎ᠠ ᠠᠴᠠ ᠬᠥᠷᠥᠰᠥ ᠶᠢ ᠨᠣᠭᠤᠭᠠᠷᠠᠭᠤᠯᠵᠤ᠂ ᠮᠣᠳᠣ ᠲᠠᠷᠢᠬᠤ᠂ ᠡᠪᠡᠰᠦ ᠲᠠᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠯᠠᠰᠢᠨ ᠭᠠᠵᠠᠷ ᠢ ᠡᠷᠬᠢᠨ ᠲᠣᠭᠤᠷᠢᠨ ᠤ ᠣᠷᠴᠢᠨ ᠲᠣᠭᠤᠷᠢᠨ ᠲᠠᠢ ᠠᠭᠤᠰᠤᠯᠴᠠᠭᠤᠯᠤᠨ᠎ᠠ᠃     ︵ᠬᠤᠶᠠᠷ︶ ᠠᠮᠢᠳᠤ ᠬᠥᠮᠦᠨ ᠤ ᠣᠩᠭᠤᠨ᠄ ᠠᠮᠢᠳᠤ ᠬᠥᠮᠦᠨ ᠤ ᠪᠤᠯᠠᠰᠢ ᠶᠢ ︽ᠥᠴᠦᠬᠡᠨ ᠴᠦ ᠠᠭᠤᠴᠢᠯᠠᠬᠤ ᠥᠬᠡᠶ︾ ᠪᠠᠶᠢᠵᠤ᠂ ᠤᠤᠯ ᠤᠨ ᠪᠠᠷᠢᠯᠭ᠎ᠠ ᠶᠢ ᠨᠤᠷᠠᠭᠠᠵᠤ᠂ ᠭᠠᠵᠠᠷ ᠰᠢᠷᠣᠶ ᠶᠢᠨ ᠴᠢᠳᠠᠮᠵᠢ ᠶᠢ ᠰᠡᠷᠭᠦᠭᠡᠨ᠎ᠡ᠃     ᠭᠤᠷᠪᠠ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ     ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 4 ᠰᠠᠷ᠎ᠠ ᠶᠢᠨ 5 ᠤ ᠡᠳᠦᠷ ︵ᠬᠠᠩᠰᠢ ᠶᠢᠨ ᠡᠳᠦᠷ︶ ᠠᠴᠠ ᠡᠮᠦᠨ᠎ᠡ᠂ ︽ᠭᠤᠷᠪᠠᠨ ᠳᠠᠭᠠᠤ ᠳᠣᠯᠣᠭᠠᠨ ᠣᠷᠣᠨ︾ ᠤ ᠳᠣᠲᠣᠷ᠎ᠠ ᠳᠤᠷ᠎ᠠ ᠪᠠᠷ ᠪᠤᠯᠠᠰᠢᠯᠠᠭᠴᠢ ᠪᠤᠶᠤ ᠭᠡᠷ ᠪᠦᠯᠢ ᠶᠢᠨ ᠬᠢᠨ ᠬᠠᠷᠢᠶ᠎ᠠ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠭᠤᠶᠤᠴᠢᠯᠠᠨ ᠮᠡᠳᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠨᠤᠷᠠᠭᠠᠬᠤ᠂ ᠨᠡᠭᠦᠯᠭᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠴᠡᠭᠴᠡᠯᠡᠨ ᠵᠠᠰᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠰᠠᠬᠤ ᠬᠡᠷᠡᠭᠲᠡᠢ᠃     ᠳᠥᠷᠪᠡ᠂ ᠵᠠᠰᠠᠬᠤ ᠠᠷᠭ᠎ᠠ ᠬᠡᠮᠵᠢᠶ᠎ᠡ     ︵ᠨᠢᠭᠡ︶ ᠥᠪᠡᠷ ᠢᠶᠠᠨ ᠴᠡᠭᠴᠡᠯᠡᠨ ᠵᠠᠰᠠᠨ᠎ᠠ᠃ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠳᠣᠲᠣᠷ᠎ᠠ᠂ ︽ᠭᠤᠷᠪᠠᠨ ᠳᠠᠭᠠᠤ ᠲᠤᠯᠤᠭᠠᠨ ᠲᠣᠭᠤᠷᠢᠭ︾ ᠤᠨ ᠳᠣᠲᠣᠷ᠎ᠠ ᠳᠤᠷ᠎ᠠ ᠪᠠᠷ ᠢᠶᠠᠨ ᠪᠤᠯᠠᠰᠢᠯᠠᠭᠴᠢ ᠪᠤᠶᠤ ᠲᠥᠷᠥᠯ ᠰᠠᠳᠤᠨ ᠨᠢ ᠬᠠᠷᠢᠶ᠎ᠠ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ ᠲᠠᠢ ᠥᠪᠡᠰᠦᠪᠡᠨ ᠬᠠᠷᠢᠯᠴᠠᠵᠤ ᠴᠡᠭᠴᠡᠯᠡᠨ ᠵᠠᠰᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠨᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠ ᠬᠠᠷᠢᠶ᠎ᠠ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ ᠤ ᠰᠢᠯᠭᠠᠨ ᠬᠤᠷᠢᠶᠠᠬᠤ ᠪᠠᠷ ᠪᠠᠷᠢᠮᠵᠢᠶ᠎ᠠ ᠪᠣᠯᠭᠠᠨ᠎ᠠ᠃     ︵ᠬᠤᠶᠠᠷ︶ ᠬᠠᠤᠯᠢ ᠶᠣᠰᠣᠭᠠᠷ ᠴᠡᠭᠴᠡᠯᠡᠨ ᠵᠠᠰᠠᠵᠤ᠃ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠳᠠᠷᠠᠭ᠎ᠠ᠂ ᠲᠠᠨᠢᠵᠤ ᠠᠪᠬᠤ ᠬᠥᠮᠦᠨ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠯᠠᠰᠢᠨ ᠭᠠᠵᠠᠷ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠵᠠᠰᠠᠨ᠎ᠠ︔ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠴᠡᠭᠴᠡᠯᠡᠨ ᠵᠠᠰᠠᠬᠤ ᠠᠵᠢᠯ ᠢ ᠬᠠᠤᠯᠢ ᠶᠣᠰᠣᠭᠠᠷ ᠵᠠᠰᠠᠬᠤ ᠵᠢᠴᠢ ᠪᠤᠰᠤᠳ ᠬᠡᠯᠪᠡᠷᠢ ᠪᠠᠷ ᠵᠠᠰᠠᠬᠤ ᠪᠤᠶᠤ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃    ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ     ︵ᠨᠢᠭᠡ︶ ᠣᠷᠣᠰᠢᠭᠤᠯᠭ᠎ᠠ ᠶᠢᠨ ᠥᠭᠡᠷᠡᠴᠢᠯᠡᠯᠲᠡ ᠨᠢ ᠤᠯᠤᠰ ᠠᠷᠠᠳ ᠲᠤ ᠠᠰᠢᠭᠲᠠᠶ ᠪᠠᠶᠢᠵᠤ᠂ ᠣᠷᠣᠰᠢᠭᠤᠯᠭ᠎ᠠ ᠶᠢᠨ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ ᠵᠠᠰᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠠᠷᠪᠢᠯᠠᠬᠤ ᠮᠥᠷᠲᠡᠭᠡᠨ ᠪᠠᠰᠠ ᠠᠷᠠᠳ ᠲᠦᠮᠡᠨ ᠤ ᠣᠷᠣᠰᠢᠭᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠬᠦ ᠪᠣᠯᠤᠨ᠎ᠠ᠃ ᠲᠠᠨ ᠤ ᠦᠷ᠎ᠡ ᠬᠤᠶᠢᠴᠢᠰ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠶᠢᠨ ᠲᠥᠯᠥᠭᠡ᠂ ᠪᠦᠬᠦ ᠰᠢᠶᠠᠨ ᠤ ᠤᠯᠠᠨ ᠲᠦᠮᠡᠨ ᠢ ᠣᠷᠤᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠣᠷᠣᠯᠴᠠᠭᠤᠯᠵᠤ᠂ ᠳᠡᠮᠵᠢᠵᠦ᠂ ᠬᠠᠮᠵᠢᠯᠴᠠᠵᠤ᠂ ᠬᠡᠪ ᠵᠠᠩᠰᠢᠯ ᠢ ᠥᠭᠡᠷᠡᠴᠢᠯᠡᠬᠦ᠂ ᠣᠷᠣᠰᠢᠭᠤᠯᠭ᠎ᠠ ᠶᠢ ᠬᠥᠩᠭᠡᠪᠴᠢᠯᠡᠬᠦ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃     ︵ᠬᠤᠶᠠᠷ︶ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ᠂ ᠪᠥᠬᠦ ᠰᠢᠶᠠᠨ ᠤ ᠬᠡᠪᠴᠢᠶᠡᠨ ᠳᠤ ᠰᠢᠨ᠎ᠡ ᠪᠠᠷ ᠪᠠᠶᠢᠭᠤᠯᠤᠭᠰᠠᠨ ᠲᠣᠮᠣ ᠣᠩᠭᠤᠨ᠂ ᠠᠮᠢᠳᠤ ᠬᠥᠮᠦᠨ ᠤ ᠣᠩᠭᠤᠨ ᠢ ᠳᠤᠷ᠎ᠠ ᠪᠠᠷ ᠢᠶᠠᠨ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ︽ᠭᠤᠷᠪᠠᠨ ᠳᠠᠭᠠᠤ ᠳᠣᠯᠣᠳᠤᠭᠠᠷ ᠲᠣᠭᠤᠷᠢᠭ︾ ᠤᠨ ᠬᠡᠪᠴᠢᠶᠡᠨ ᠳᠤ ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠮᠡᠭᠴᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠪᠦᠷᠢᠯᠡᠬᠦ ᠪᠣᠯᠤᠨ᠎ᠠ᠃     ︵ᠭᠤᠷᠪᠠ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ︽ᠭᠤᠷᠪᠠᠨ ᠳᠠᠭᠠᠤ ᠲᠤᠯᠤᠭᠠᠨ ᠲᠣᠭᠤᠷᠢᠭ︾ ᠤᠨ ᠳᠣᠲᠣᠷᠠᠬᠢ ᠪᠤᠯᠠᠰᠢ ᠶᠢᠨ ᠬᠠᠮᠢᠶ᠎ᠠ ᠪᠥᠬᠦᠶ ᠡᠷᠬᠡᠲᠦ ᠬᠥᠮᠦᠨ ᠨᠢ ᠬᠦᠴᠦᠨ ᠪᠥᠬᠦᠶ ᠦᠨᠡᠮᠯᠡᠯ ᠢᠶᠠᠷ ᠢᠶᠠᠨ ᠬᠠᠷᠢᠶ᠎ᠠ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ ᠪᠦᠷᠢᠳᠬᠡᠨ ᠳᠡᠩᠰᠡᠯᠡᠵᠦ᠂ ᠴᠡᠭᠴᠡᠯᠡᠨ ᠵᠠᠰᠠᠬᠤ ᠪᠠᠷᠢᠮᠵᠢᠶ᠎ᠠ ᠶᠣᠰᠣᠭᠠᠷ ᠬᠠᠲᠠᠭᠤᠷᠠᠭᠤᠯᠤᠭᠰᠠᠨ ᠪᠣᠳᠠᠰ ᠵᠢᠴᠢ ᠳᠠᠭᠠᠯᠲᠠ ᠪᠠᠷᠢᠯᠭ᠎ᠠ ᠶᠢ ᠨᠤᠷᠠᠭᠠᠬᠤ ᠵᠡᠷᠭᠡ ᠬᠠᠮᠢᠶ᠎ᠠ ᠪᠥᠬᠦᠶ ᠵᠦᠢᠯᠡᠰ ᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠶ᠃ ᠴᠠᠭ ᠤᠨ ᠬᠢᠵᠠᠭᠠᠷ ᠶᠣᠰᠣᠭᠠᠷ ᠴᠡᠭᠴᠡᠯᠡᠨ ᠵᠠᠰᠠᠵᠤ ᠳᠠᠭᠤᠰᠬᠠᠭᠰᠠᠨ ᠥᠬᠡᠶ ᠭᠤᠤᠯ ᠪᠤᠯᠠᠰᠢ ᠵᠢᠴᠢ ᠡᠵᠡᠨ ᠥᠬᠡᠶ ᠪᠤᠯᠠᠰᠢᠨ ᠤ ᠭᠠᠵᠠᠷ ᠢ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠨᠢᠭᠡᠴᠡ ᠠᠴᠠ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠨᠤᠷᠠᠭᠠᠬᠤ ᠪᠣᠯᠤᠨ᠎ᠠ     ︵ᠲᠦᠷᠪᠡ︶ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠬᠡᠷ ᠪᠦᠯᠢ᠂ ᠨᠠᠶᠢᠵᠠ ᠪᠠ ᠳᠡᠷᠭᠡᠳᠡᠬᠢ ᠣᠯᠠᠨ ᠲᠦᠮᠡᠨ ᠢ ᠢᠳᠡᠪᠬᠢᠲᠡᠶ ᠬᠥᠲᠥᠯᠦᠨ ᠵᠢᠯᠣᠭᠤᠳᠴᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠣᠷᠣᠰᠢᠭᠤᠯᠭ᠎ᠠ ᠶᠢᠨ ᠬᠠᠤᠯᠢ ᠲᠣᠭᠲᠠᠭᠠᠯ ᠢ ᠵᠢᠷᠤᠮᠯᠠᠨ᠂ ᠲᠣᠭᠲᠠᠭᠰᠠᠨ ᠴᠠᠭ ᠤᠨ ᠬᠢᠵᠠᠭᠠᠷ ᠵᠢᠴᠢ ᠱᠠᠭᠠᠷᠳᠠᠯᠭ᠎ᠠ ᠶᠣᠰᠣᠭᠠᠷ ᠨᠤᠷᠠᠭᠠᠬᠤ ᠠᠵᠢᠯ ᠢ ᠪᠡᠶᠡᠯᠡᠭᠦᠯᠬᠦ ᠬᠡᠷᠡᠭᠲᠡᠶ᠃     ︵ᠲᠠᠪᠤ︶ ᠣᠯᠠᠨ ᠲᠦᠮᠡᠨ ᠤ ᠬᠢᠨᠠᠯᠲᠠ ᠶᠢ ᠬᠦᠯᠢᠶᠡᠬᠦ᠄ ᠣᠯᠠᠨ ᠲᠦᠮᠡᠨ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠂ ᠠᠰᠠᠭᠤᠨ ᠯᠠᠪᠯᠠᠬᠤ ᠤᠲᠠᠰᠤ᠄ 0472 - 6947789     ︵ᠵᠢᠷᠭᠤᠭ᠎ᠠ︶ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠳᠠᠭᠤᠰᠤᠭᠠᠳᠤᠶ ᠤᠴᠢᠷ ᠶᠠᠪᠤᠳᠠᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                        ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ                         2025 ᠣᠨ ᠤ 3 ᠰᠠᠷ᠎ᠠ ᠶᠢᠨ 12 ᠤᠨ ᠡᠳᠦᠷ     ᠨᠡᠷ᠎ᠡ ᠦᠭᠡ ᠶᠢᠨ ᠲᠠᠶᠢᠯᠪᠤᠷᠢᠯᠠᠯᠲᠠ᠄     ︽ᠭᠤᠷᠪᠠᠨ ᠳᠠᠭᠠᠤ ᠳᠣᠯᠣᠭᠠᠨ ᠣᠷᠣᠨ︾᠄ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ᠂ ᠤᠰᠤᠨ ᠴᠥᠭᠦᠷᠥᠮ ᠤᠨ ᠣᠶᠢᠷᠠᠯᠴᠠᠭ᠎ᠠ ᠵᠢᠴᠢ ᠭᠤᠤᠯ ᠵᠠᠮ ᠳᠠᠭᠠᠤ︔ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠦᠵᠡᠮᠵᠢᠲᠦ ᠠᠯᠳᠠᠷᠲᠤ ᠣᠷᠣᠨ᠂ ᠲᠥᠪᠯᠡᠷᠡᠭᠰᠡᠨ ᠣᠷᠣᠨ ᠰᠠᠭᠤᠴᠠ ᠶᠢᠨ ᠲᠣᠭᠤᠷᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠢᠭᠠᠵᠤ ᠪᠤᠶ᠃     ︽ᠬᠠᠲᠠᠭᠤᠷᠠᠭᠤᠯᠤᠭᠰᠠᠨ ᠲᠣᠮᠣ ᠪᠤᠯᠠᠰᠢ︾ ᠭᠡᠳᠡᠭ ᠨᠢ ᠤᠩᠭᠤᠨ ᠪᠠ ᠲᠠᠭᠠᠯᠳᠠ ᠪᠠᠷᠢᠯᠭ᠎ᠠ ︵ᠪᠠᠷᠢᠯᠭ᠎ᠠ︶ ᠬᠢᠬᠦ ᠳᠤ ᠴᠢᠯᠠᠭᠤᠨ ᠮᠠᠲ᠋ᠧᠷᠢᠶᠠᠯ᠂ ᠱᠠᠭᠠᠵᠠᠩ ᠲᠣᠭᠤᠰᠬ᠎ᠠ᠂ ᠲᠣᠭᠤᠰᠬ᠎ᠠ ᠪᠧᠲ᠋ᠤᠨ᠂ ᠪᠣᠯᠣᠳ ᠪᠧᠲ᠋ᠣᠨ ᠵᠡᠷᠭᠡ ᠵᠠᠳᠠᠷᠠᠵᠤ ᠪᠣᠯᠤᠰᠢ ᠦᠭᠡᠢ ᠮᠠᠲ᠋ᠧᠷᠢᠶᠠᠯ ᠢ ᠬᠠᠲᠠᠭᠤᠷᠠᠭᠤᠯᠤᠨ ᠰᠢᠢᠳᠪᠦᠷᠢᠯᠡᠬᠦ ᠶᠢ ᠵᠢᠭᠠᠵᠤ ᠪᠠᠶᠢᠨ᠎ᠠ᠃     ︽ᠠᠮᠢᠳᠤ ᠬᠥᠮᠦᠨ ᠤ ᠣᠩᠭᠤᠨ︾᠄ ᠨᠡᠶᠢᠲᠡ ᠶᠢᠨ ᠣᠩᠭᠤᠨ ᠪᠠ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠵᠡᠷᠭᠡ ᠣᠷᠣᠰᠢᠭᠤᠯᠭ᠎ᠠ ᠶᠢᠨ ᠲᠥᠬᠦᠭᠡᠷᠦᠮᠵᠢ ᠠᠴᠠ ᠭᠠᠳᠠᠨ᠎ᠠ᠂ ᠬᠠᠤᠯᠢ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠪᠠᠶᠢᠭᠤᠯᠤᠭᠰᠠᠨ ᠪᠣᠯᠪᠠᠴᠤ ᠴᠢᠨᠳᠠᠷ ᠢ ᠤᠷᠤᠰᠢᠭᠤᠯᠤᠭᠰᠠᠨ ᠦᠭᠡᠢ ᠪᠤᠶᠤ ᠴᠢᠨᠳᠠᠷ ᠤᠨ ᠪᠠᠷᠢᠯᠭ᠎ᠠ ᠪᠠᠶᠢᠭᠤᠯᠤᠭᠠᠳᠤᠶ ᠪᠠᠶᠢᠬᠤ ᠶᠢ ᠵᠢᠭᠠᠵᠤ ᠪᠠᠶᠢᠨ᠎ᠠ᠃     ︽ᠣᠩᠭᠤᠨ ᠤ ᠭᠠᠵᠠᠷ ᠤᠨ ᠬᠡᠪᠴᠢᠶ᠎ᠡ︾᠄ ᠴᠢᠨᠳᠠᠷ ᠤᠨ ᠣᠩᠭᠤᠨ ᠤ ᠭᠠᠵᠠᠷ ᠨᠢ 1 ᠲᠡᠭᠰᠢ ᠳᠥᠷᠪᠡᠯᠵᠢᠨ ᠮᠧ᠊ᠲᠷ ᠠᠴᠠ ᠬᠡᠲᠦᠷᠡᠵᠦ ᠪᠣᠯᠬᠤ ᠦᠭᠡᠢ︔ ᠴᠢᠨᠳᠠᠷ ᠤᠨ ᠣᠩᠭᠤᠨ ᠤ ᠭᠠᠭᠴᠠ ᠨᠦᠬᠡ ᠨᠢ 4 ᠲᠡᠭᠰᠢ ᠳᠥᠷᠪᠡᠯᠵᠢᠨ ᠮᠧ᠊ᠲᠷ ᠠᠴᠠ ᠬᠡᠲᠦᠷᠡᠵᠦ ᠪᠣᠯᠬᠤ ᠦᠭᠡᠢ︔ ᠬᠤᠣᠰ ᠨᠦᠬᠡ ᠨᠢ 6 ᠲᠡᠭᠰᠢ ᠳᠥᠷᠪᠡᠯᠵᠢᠨ ᠮᠧ᠊ᠲᠷ ᠠᠴᠠ ᠬᠡᠲᠦᠷᠡᠵᠦ ᠪᠣᠯᠬᠤ ᠦᠭᠡᠢ᠃  
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号