ᠰᠢ ᠳ᠋ᠧᠦ ᠫᠦ᠋ ᠪᠠᠯᠭᠠᠰᠤ ᠪᠤᠷᠬᠠᠨᠲᠤ ᠪᠠᠯᠭᠠᠰᠤᠨ ᠳᠤ ᠬᠦᠷᠴᠦ ︽ᠲᠠᠢᠯᠤᠮᠵᠢ ᠶᠢᠨ ᠰᠡᠳᠭᠢᠬᠦᠢ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠰᠤᠷᠤᠯᠴᠠᠪᠠ
ᠨᠡᠶᠢᠲᠡᠯᠡᠭᠰᠡᠨ ᠴᠠᠭ᠄
2025/3/17
    2025 ᠣᠨ ᠤ 3 ᠰᠠᠷ᠎ᠠ ᠶᠢᠨ 14 ᠤ ᠡᠳᠦᠷ᠂ ᠭᠦᠶᠡᠩ ᠰᠢᠶᠠᠨ ᠤ ᠰᠢ ᠳ᠋ᠧᠦ ᠫᠦ᠋ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠠᠴᠠ ᠬᠥᠨᠳᠡᠯᠡᠨ ᠲᠣᠭᠤᠷᠢᠭ ᠤᠨ ᠪᠤᠷᠬᠠᠨᠲᠤ ᠪᠠᠯᠭᠠᠰᠤᠨ ᠳᠤ ᠬᠦᠷᠴᠦ ᠰᠤᠷᠤᠯᠴᠠᠪᠠ᠃ ᠲᠤᠰ ᠤᠳᠠᠭᠠᠨ ᠤ ᠰᠤᠷᠤᠯᠴᠠᠯᠭ᠎ᠠ ᠰᠢᠨᠵᠢᠯᠡᠨ ᠪᠠᠶᠢᠴᠠᠭᠠᠯᠲᠠ ᠳᠤ ᠪᠤᠭᠤᠲᠤ ᠬᠤᠲᠠ ᠶᠢᠨ ︽ᠰᠡᠳᠬᠢᠬᠦᠢ ᠶᠢ ᠪᠣᠢ ᠪᠣᠯᠭᠠᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠵᠠᠰᠠᠯᠲᠠ ᠵᠡᠷᠭᠡ ᠭᠤᠣᠯ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨ ᠣᠶᠢᠯᠠᠭᠠᠯᠲᠠ᠂ ᠰᠢᠭᠤᠳ ᠬᠠᠷᠢᠯᠴᠠᠭ᠎ᠠ ᠪᠠᠷ ᠳᠠᠮᠵᠢᠭᠤᠯᠤᠨ᠂ ᠰᠢ ᠳ᠋ᠧᠦ ᠫᠦ᠋ ᠪᠠᠯᠭᠠᠰᠤᠨ ᠤ ᠬᠥᠭᠵᠢᠯᠲᠡ ᠶᠢᠨ ᠠᠷᠭ᠎ᠠ ᠵᠠᠮ ᠢ ᠡᠷᠢᠯᠬᠢᠯᠡᠬᠦ᠂ ᠪᠠᠯᠭᠠᠰᠤᠨ ᠤ ᠴᠠᠷᠠᠭ᠎ᠠ ᠶᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠰᠢᠨ᠎ᠡ ᠯᠠᠪᠯᠠᠯᠲᠠ ᠬᠠᠩᠭᠠᠪᠠ᠃    ᠨᠢᠭᠡ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠦᠴᠦᠨ ᠢᠶᠠᠨ ᠨᠡᠶᠢᠯᠡᠭᠦᠯᠵᠦ᠄ ︽ᠭᠤᠷᠪᠠᠨ ᠬᠤᠷᠠᠯ ᠨᠢᠭᠡ ᠬᠢᠴᠢᠶᠡᠯ︾ ᠠᠴᠠ ︽ᠬᠤᠪᠢᠰᠬᠠᠯᠲᠤ ᠬᠥᠳᠡᠯᠭᠡᠭᠦᠷ︾ ᠬᠦᠷᠲᠡᠯᠡᠬᠢ ᠰᠢᠨ᠎ᠡ ᠶᠢ ᠡᠭᠦᠳᠬᠦ ᠦᠢᠯᠡᠳᠦᠯᠭᠡ ᠶᠢ ᠠᠬᠢᠭᠤᠯᠪᠠ    ᠪᠤᠷᠬᠠᠨᠲᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠣᠯᠠᠨ ᠢᠶᠠᠷ ᠢᠶᠠᠨ ᠲᠤᠰ ᠪᠠᠯᠭᠠᠰᠤᠨ ᠤ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠨᠠᠶᠢᠳᠠᠪᠤᠷᠢᠵᠢᠭᠤᠯᠬᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠤᠷᠤᠯᠴᠠᠪᠠ᠃ ᠶᠡᠷᠦᠩᠬᠡᠶᠢᠯᠡᠨ ᠵᠠᠰᠠᠬᠤ ᠲᠥᠪ ᠤᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠢ ᠲᠣᠭᠤᠷᠢᠨ ᠦᠵᠡᠬᠦ ᠪᠠᠷ ᠳᠠᠮᠵᠢᠭᠤᠯᠤᠨ᠂ ︽ᠳᠥᠷᠪᠡᠨ ᠲᠠᠪᠴᠠᠩ ᠨᠢᠭᠡ ᠰᠠᠭᠤᠷᠢᠨ ᠭᠠᠵᠠᠷ︾ ᠤᠨ ᠣᠶᠤᠨᠴᠢ ᠬᠢᠨᠠᠯᠲᠠ ᠲᠠᠯᠪᠢᠬᠤ ᠵᠠᠭᠪᠤᠷ ᠤᠨ ᠦᠨᠳᠦᠰᠦᠨ ᠱᠠᠲᠤᠨ ᠤ ᠵᠠᠰᠠᠯᠲᠠ ᠳᠠᠬᠢ ᠬᠡᠷᠡᠭᠯᠡᠭᠡᠨ ᠤ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠵᠠᠳᠠᠯᠪᠠ᠃ ᠪᠤᠷᠬᠠᠨᠲᠤ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠤᠨ ᠪᠠᠶᠢᠭᠤᠯᠤᠯᠲᠠ ᠶᠢᠨ ᠲᠤᠷᠰᠢᠯᠭ᠎ᠠ - ︽ᠨᠢᠭᠡᠳᠦᠮᠡᠯ ᠹᠷᠣᠨᠲ ᠤᠨ ᠭᠡᠷ︾᠂ ︽ᠤᠯᠠᠭᠠᠨ ᠠᠨᠠᠷ ᠭᠡᠷ ᠣᠷᠣᠨ︾ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ︽ᠳᠥᠷᠪᠡ ᠶᠢ ᠠᠭᠤᠰᠤᠯᠴᠠᠭᠤᠯᠵᠤ ᠨᠠᠢᠮᠠ ᠶᠢ ᠵᠡᠷᠭᠡᠪᠡᠷ ᠬᠥᠭᠵᠢᠭᠦᠯᠬᠦ︾ ᠦᠨᠳᠦᠰᠦᠲᠡᠨ ᠤ ᠠᠵᠢᠯ ᠤᠨ ᠨᠠᠮ ᠤᠨ ᠪᠠᠶᠢᠭᠤᠯᠤᠯᠲᠠ ᠶᠢᠨ ᠨᠡᠷᠡᠲᠦ ᠲᠥᠷᠥᠯ ᠲᠡᠮᠳᠡᠭᠲᠦ ᠶᠢ ᠳᠡᠯᠭᠡᠷᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ᠰᠢ ᠳ᠋ᠧᠦ ᠫᠦ᠋ ᠪᠠᠯᠭᠠᠰᠤᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠰᠢᠨ᠎ᠡ ᠰᠣᠷᠭᠤᠭ ᠦᠯᠢᠭᠡᠷ ᠬᠡᠪ ᠬᠠᠩᠭᠠᠪᠠ᠃    ᠬᠤᠶᠠᠷ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ᠂ ᠪᠤᠷᠬᠠᠨᠲᠤ ᠪᠠᠯᠭᠠᠰᠤᠨ ᠤ ᠲᠠᠷᠢᠶᠠᠯᠠᠬᠤ ᠪᠤᠯᠪᠠᠰᠤᠨ ᠤ ᠵᠢᠭᠤᠯᠴᠢᠯᠠᠯ ᠢ ᠤᠶᠠᠯᠳᠤᠭᠤᠯᠤᠭᠰᠠᠨ ᠰᠡᠷᠡᠮᠵᠢ ᠲᠤᠬᠢᠶ᠎ᠠ   ᠱᠧᠨ ᠷᠦᠨ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶ᠎ᠠ ᠳᠤ᠂ ᠬᠠᠷᠢᠭᠤᠴᠠᠯᠭᠠᠲᠠᠨ ᠽᠢ ᠶᠢᠨ ᠯᠢᠶᠠᠩ ︽ᠨᠠᠮ ᠤᠨ ᠡᠭᠦᠷ ᠬᠤᠷᠰᠢᠶ᠎ᠠ ᠮᠠᠯᠴᠢᠨ ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ ᠢ ᠨᠠᠷᠢᠨ ᠣᠶᠢᠯᠠᠭᠠᠵᠠᠢ᠄ ᠭᠠᠵᠠᠷ ᠰᠢᠷᠣᠢ ᠶᠢ ᠡᠷᠴᠢᠮᠵᠢᠭᠦᠯᠦᠨ ᠡᠵᠡᠩᠨᠡᠬᠦ᠂ ᠮᠠᠯ ᠠᠵᠤ ᠠᠬᠤᠢ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠲᠡᠭᠦᠨ ᠤ ︽ᠰᠠᠭᠤᠷᠢ ᠶᠢ ᠪᠠᠲᠤᠯᠠᠬᠤ ᠦᠷ᠎ᠡ ᠠᠰᠢᠭ ᠤᠨ ᠬᠤᠪᠢᠶᠠᠷᠢᠯᠠᠯ︾ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠠᠴᠠ ᠪᠣᠯᠤᠭᠰᠠᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠢ ᠳ᠋ᠧᠦ ᠫᠦ᠋ ᠪᠠᠯᠭᠠᠰᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠳᠡᠰ ᠳᠡᠪᠰᠢᠬᠦ ᠶᠢ ᠭᠦᠨᠵᠡᠭᠡᠢ ᠪᠣᠳᠣᠯᠬᠢᠯᠠᠪᠠ᠃ ᠭᠤᠷᠪᠠᠨ ᠰᠠᠭᠤᠷᠢ ᠶᠠᠩ ᠽᠢ ᠲᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠮᠡᠷᠭᠡᠵᠢᠯ ᠤᠨ ᠬᠥᠷᠥᠰᠥ ᠰᠢᠷᠣᠢ ᠶᠢ ᠰᠠᠶᠢᠵᠢᠷᠠᠭᠤᠯᠵᠤ᠂ ᠥᠨᠳᠥᠷ ᠨᠡᠮᠡᠯᠲᠡ ᠥᠷᠲᠡᠭ ᠲᠠᠢ ᠲᠠᠷᠢᠮᠠᠯ ᠢ ᠬᠥᠭᠵᠢᠭᠦᠯᠬᠦ ᠦᠢᠯᠡᠳᠦᠯᠭᠡ ᠨᠢ ᠤᠯᠠᠮᠵᠢᠯᠠᠯᠲᠤ ᠲᠠᠷᠢᠶᠠᠯᠠᠩ ᠤᠨ ᠦᠷ᠎ᠡ ᠠᠰᠢᠭ ᠤᠨ ᠪᠣᠭᠤᠮᠢ ᠶᠢ ᠠᠷᠢᠯᠭᠠᠬᠤ ᠳᠤ ᠰᠢᠨ᠎ᠡ ᠰᠡᠳᠬᠢᠴᠡ ᠬᠠᠩᠭᠠᠵᠠᠢ᠃ ᠢᠯᠠᠩᠭᠤᠶ᠎ᠠ ᠯᠠᠪᠯᠠᠯᠲᠠ ᠪᠣᠯᠭᠠᠬᠤ ᠴᠢᠬᠤᠯᠠᠲᠠᠢ ᠵᠦᠢᠯ ᠪᠣᠯ ︽ᠪᠤᠷᠬᠠᠨᠲᠤ ᠶᠢᠨ ᠪᠡᠯᠡᠭ︾ ᠪᠣᠯᠤᠨ᠎ᠠ᠃    ᠭᠤᠷᠪᠠ᠂ ᠲᠡᠷᠢᠭᠦᠨ ᠤ ᠬᠢ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠄ ︽ᠵᠠᠳᠠᠯᠬᠤ ᠰᠡᠳᠬᠢᠬᠦᠢ ᠪᠠᠷ︾ ᠬᠥᠭᠵᠢᠯᠲᠡ ᠶᠢᠨ ᠰᠡᠳᠦᠪ ᠢ ᠰᠢᠢᠳᠪᠦᠷᠢᠯᠡᠨ᠎ᠡᠶᠠᠷᠢᠯᠴᠠᠬᠤ ᠬᠤᠷᠠᠯ ᠳᠡᠭᠡᠷ᠎ᠡ᠂ ᠪᠤᠷᠬᠠᠨᠲᠤ ᠪᠠᠯᠭᠠᠰᠤ ︽ᠦᠢᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠬᠥᠭᠵᠢᠯᠲᠡ᠂ ᠬᠠᠷᠢᠶ᠎ᠠ ᠠᠯᠤᠰᠯᠠᠭᠰᠠᠨ ᠠᠵᠤ ᠠᠬᠤᠢ ᠶᠢ ᠬᠦᠴᠦᠷᠬᠡᠭᠵᠢᠭᠦᠯᠬᠦ︾ ᠦᠢᠯᠡᠳᠦᠯᠭᠡ ᠶᠢᠨ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠰᠢ ᠳ᠋ᠧᠦ ᠫᠦ᠋ ᠪᠠᠯᠭᠠᠰᠤᠨ ᠤ ᠳᠤᠷᠠᠳᠤᠭᠰᠠᠨ ᠪᠣᠷᠣᠯᠠᠭᠤᠯᠭ᠎ᠠ ᠶᠢᠨ ᠠᠷᠭ᠎ᠠ ᠵᠠᠮ ᠳᠤᠲᠠᠭᠳᠠᠵᠤ᠂ ᠠᠵᠤ ᠦᠢᠯᠡᠰ ᠤᠨ ᠬᠡᠯᠬᠢᠶ᠎ᠡ ᠣᠬᠤᠷ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠶᠠᠷ ᠲᠠᠯ᠎ᠠ ᠪᠠᠷ ᠢᠶᠠᠨ ᠬᠠᠮᠲᠤ ᠶᠢᠨ ᠲᠠᠨᠢᠯᠲᠠ ᠲᠠᠢ ᠪᠣᠯᠵᠤ᠂ ︽ᠰᠢᠯᠢᠳᠡᠭ ᠠᠷᠭ᠎ᠠ ᠪᠠᠷᠢᠯ ᠢ ᠴᠢᠳᠠᠮᠠᠭᠠᠢ ᠬᠡᠷᠡᠭᠯᠡᠵᠦ᠂ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠴᠢᠬᠤᠯᠠ ᠡᠯᠧᠮᠧᠨ᠋ᠲ ᠤᠨ ᠬᠢᠵᠠᠭᠠᠷᠯᠠᠯ ᠢ ᠰᠢᠢᠳᠪᠦᠷᠢᠯᠡᠨ᠎ᠡ︾᠃ ︽ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠲᠥᠪ︾ ᠢ ᠠᠩᠬ᠎ᠠ ᠠᠯᠬᠤᠮ ᠪᠠᠶᠢᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠬᠠᠮᠲᠤ ᠪᠠᠷ ᠡᠳ᠋ᠯᠡᠬᠦ ᠵᠡᠷᠭᠡ ᠬᠠᠮᠲᠤᠷᠠᠯᠴᠠᠭᠠᠨ ᠤ ᠰᠠᠨᠠᠮᠵᠢ ᠶᠢ ᠠᠩᠬ᠎ᠠ ᠠᠯᠬᠤᠮ ᠲᠣᠬᠢᠷᠠᠯᠴᠠᠪᠠ᠃    ᠰᠢᠶᠠᠨ ᠤ ᠨᠠᠮ ᠤᠨ ᠬᠤᠷᠢᠶᠠᠨ ᠤ ᠳᠤᠷᠠᠳᠤᠭᠰᠠᠨ ᠦᠨᠡᠨ ᠠᠴᠠ ᠵᠥᠪ ᠢ ᠡᠷᠢᠭᠰᠡᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ ᠪᠠᠷ ᠠᠵᠢᠯ ᠥᠷᠨᠢᠭᠦᠯᠬᠦ ᠱᠠᠭᠠᠷᠳᠠᠯᠭ᠎ᠠ ᠶᠣᠰᠣᠭᠠᠷ᠂ ᠰᠢ ᠳ᠋ᠧᠦ ᠫᠦ᠋ ᠪᠠᠯᠭᠠᠰᠤ ᠨᠢ ᠲᠤᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠭᠤᠣᠯᠳᠠᠭᠤ ᠭᠤᠷᠪᠠᠨ ᠲᠠᠯ᠎ᠠ ᠪᠠᠷ ᠬᠦᠴᠦᠯᠡᠪᠡ᠄ ᠨᠢᠭᠡ ᠳᠤ ︽41 ᠭᠷᠠᠳᠦ᠋ᠰ ᠤᠨ ᠪᠡᠯᠡᠭ︾ ᠤᠨ ᠨᠡᠷᠡᠲᠦ ᠲᠡᠮᠳᠡᠭ ᠤᠨ ᠡᠵᠡᠩᠨᠡᠯᠲᠡ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠪᠠᠯᠭᠠᠰᠤᠨ ᠤ ᠳᠣᠲᠣᠷᠠᠬᠢ ᠬᠤᠨᠴᠢᠷ᠂ ᠶᠤᠤᠮᠠᠢ ᠶᠢᠨ ᠭᠤᠯᠢᠷ᠂ ᠬᠤᠨᠢᠨ ᠮᠢᠬ᠎ᠠ ᠵᠡᠷᠭᠡ ᠣᠨᠴᠠᠯᠢᠭᠲᠤ ᠡᠬᠢ ᠪᠠᠶᠠᠯᠢᠭ ᠲᠤ ᠭᠦᠨᠵᠡᠭᠡᠢ ᠠᠭᠤᠰᠤᠯᠴᠠᠵᠤ᠂ ︽41 ᠭᠷᠠᠳᠦ᠋ᠰ ᠤᠨ ᠭᠦᠶᠡᠩ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠠᠰᠢᠭᠯᠠᠨ᠂ ︽ᠳ᠋ᠧᠦ ᠫᠦ᠋ ᠶᠢᠨ ᠰᠠᠶᠢᠨ ᠪᠣᠳᠠᠰ︾ ︽ᠳ᠋ᠧᠦ ᠫᠦ᠋ ᠪᠡᠯᠡᠭ︾ ᠰᠢᠷᠢᠰ ᠦᠢᠯᠡᠳᠬᠦᠨ ᠤ ᠭᠠᠵᠠᠷ ᠣᠷᠣᠨ ᠤ ᠬᠠᠷᠢᠶᠠᠲᠤ ᠴᠢᠨᠠᠷ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ︔ ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠨᠠᠷᠠᠨ ᠬᠤᠸᠠᠷ᠂ ᠲᠥᠮᠥᠰᠥ ᠪᠠ ᠰᠢᠯᠢᠮᠳᠡᠭ ᠤᠨ ᠲᠠᠯ᠎ᠠ ᠪᠠᠷ ᠲᠠᠯᠠᠪᠠᠢ ᠨᠢᠭᠡᠴᠢ ᠶᠢᠨ ᠤᠨᠠᠯᠲᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ ᠰᠢᠨ ᠮᠢᠨ ᠲᠣᠰᠬᠤᠨ ᠤ ᠠᠮᠤ ᠲᠣᠰᠣᠨ ᠤ ᠠᠷᠠᠯᠵᠢᠶᠠᠨ ᠤ ᠵᠠᠬ᠎ᠠ ᠳᠡᠯᠭᠡᠭᠦᠷ ᠪᠠ ᠬᠤᠩ ᠨᠢ ᠵᠢᠩ ᠲᠣᠰᠬᠤᠨ ᠤ ᠠᠮᠤ ᠲᠣᠰᠣᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠦᠢᠯᠡᠴᠢᠯᠡᠭᠡ ᠪᠠ ᠠᠷᠠᠯᠵᠢᠶᠠᠨ ᠤ ᠴᠢᠳᠠᠪᠤᠷᠢ ᠶᠢ ᠪᠤᠶᠢᠵᠢᠭᠤᠯᠤᠨ ᠳᠡᠭᠡᠭᠰᠢᠯᠡᠭᠦᠯᠦᠨ᠎ᠡ᠃ ᠭᠤᠷᠪᠠ ᠳᠤ᠂ ︽ᠭᠠᠭ᠋ᠠᠢ ᠶᠢᠨ ᠪᠠᠶᠠᠷ︾ ᠢ ᠦᠷᠭᠦᠯᠵᠢᠯᠡᠨ ᠪᠤᠢ ᠪᠣᠯᠭᠠᠨ᠎ᠠ᠃ ᠭᠠᠭ᠋ᠠᠢ ᠨᠢᠲᠤᠯᠬᠤ᠂ ᠠᠷᠠᠳ ᠤᠨ ᠵᠠᠩ ᠦᠢᠯᠡ ᠶᠢᠨ ᠰᠣᠶᠣᠯ ᠢ ᠦᠵᠡᠬᠦᠯᠬᠦ ᠠᠵᠢᠯᠯᠠᠭ᠎ᠠ᠂ ᠭᠠᠵᠠᠷ ᠬᠤᠳᠠᠯᠳᠤᠨ ᠠᠪᠴᠤ ᠬᠡᠷᠡᠯᠳᠤᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠤᠲᠤᠭ᠎ᠠ ᠶᠢᠨ ᠭᠠᠯ ᠢ ᠨᠡᠮᠡᠭᠳᠡᠭᠦᠯᠦᠨ᠎ᠡ᠃ ᠰᠢ ᠳ᠋ᠧᠦ ᠫᠦ᠋ ᠶᠢᠨ ᠠᠭᠤᠯᠤᠭᠳᠠᠬᠤᠨ ᠡᠯᠪᠡᠭ ᠭᠠᠵᠠᠷ ᠣᠷᠣᠨ ᠤ ᠰᠣᠶᠣᠯ ᠤᠨ IP ᠶᠢ ᠭᠠᠷᠳᠠᠨ ᠲᠥᠯᠥᠪᠯᠡᠵᠡᠢ᠃ ᠨᠢᠭᠡᠳᠦᠯᠲᠡᠢ ᠪᠦᠲᠦᠭᠡᠭᠳᠡᠬᠦᠨ ᠤ ᠪᠣᠭᠤᠳᠠᠯ ᠪᠠᠭᠯᠠᠭ᠎ᠠ ᠶᠢ ᠵᠢᠷᠤᠵᠤ ᠲᠥᠯᠥᠪᠯᠡᠨ᠂ ᠦᠢᠯᠡᠳᠬᠦᠨ ᠤ ᠲᠥᠷᠥᠯ ᠬᠡᠯᠪᠡᠷᠢ ᠶᠢ ᠨᠡᠮᠡᠭᠳᠡᠭᠦᠯᠵᠦ᠂ ᠰᠢ ᠳ᠋ᠧᠦ ᠫᠦ᠋ ᠶᠢᠨ ᠲᠠᠸᠠᠷ ᠤᠨ ᠲᠥᠷᠥᠯ ᠬᠡᠯᠪᠡᠷᠢ ᠶᠢ ᠪᠠᠶᠠᠯᠢᠭᠵᠢᠭᠤᠯᠤᠨ᠎ᠠ᠃    ︽ᠭᠠᠳᠠᠭᠰᠢ ᠭᠠᠷᠴᠤ᠂ ᠣᠷᠣᠭᠤᠯᠤᠨ ᠠᠪᠴᠢᠷᠠᠬᠤ︾ ᠬᠤᠣᠰ ᠴᠢᠭᠯᠡᠯ ᠢᠶᠠᠷ ᠬᠥᠳᠡᠯᠦᠯᠴᠡᠬᠦ ᠪᠠᠷ ᠳᠠᠮᠵᠢᠨ᠂ ᠰᠢ ᠳ᠋ᠧᠦ ᠫᠦ᠋ ᠪᠠᠯᠭᠠᠰᠤ ᠶᠠᠭ ︽ᠲᠠᠶᠢᠯᠬᠤ ᠰᠡᠳᠬᠢᠬᠦᠢ︾ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠦᠶᠡᠩ ᠤᠨ ᠬᠤᠶᠢᠲᠤ ᠬᠡᠰᠡᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号