ᠣᠶᠢᠷ᠎ᠠ ᠳᠤ᠂ ᠭᠦᠶᠡᠩ ᠰᠢᠶᠠᠨ ᠤ ᠨᠠᠢᠮᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠡᠶ᠎ᠡ ᠶᠢᠨ ᠲᠠᠮᠢᠷ ᠤᠨ ᠪᠠᠶᠠᠷ ᠤᠨ ᠬᠡᠢ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ | ᠥᠨᠳᠥᠷᠯᠡᠵᠦ᠂ ᠶᠢᠨ ᠬᠤᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠭᠠᠷᠮᠠᠭᠠᠢ ᠪᠦᠯᠬᠦᠮ ᠤᠨ ᠬᠠᠮᠵᠢᠯᠴᠠᠭ᠎ᠠ | ᠪᠠ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠪᠠᠷ ᠭᠤᠷᠪᠠᠳᠤᠭᠠᠷ ᠳᠡᠰ ᠤᠨ ᠱᠠᠩᠨᠠᠯ ᠬᠦᠷᠲᠡᠵᠦ᠂ ᠰᠢᠶᠠᠩ | ᠪᠠᠯᠭᠠᠰᠤᠨ ᠤ ᠪᠡᠶ᠎ᠡ ᠶᠢᠨ ᠲᠠᠮᠢᠷ ᠤᠨ ᠦᠢᠯᠡᠰ ᠲᠤ ᠭᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ᠃ | ᠲᠤᠰ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠳᠤ ᠪᠥᠬᠦ ᠰᠢᠶᠠᠨ ᠤ ᠡᠯ᠎ᠡ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠶᠠᠩ ᠪᠠᠯᠭᠠᠰᠤ ᠠᠴᠠ ᠢᠷᠡᠭᠰᠡᠨ 23 ᠠᠩᠭᠢ ᠣᠷᠣᠯᠴᠠᠵᠤ᠂ | ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠶᠡᠷᠦ ᠪᠤᠰᠤ ᠶᠢᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠶᠢᠨ | ᠬᠤᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠤᠷᠤᠯᠳᠤᠭᠠᠨ ᠤ ᠮᠡᠳᠡᠭᠳᠡᠯ ᠢ ᠣᠯᠤᠭᠰᠠᠨ ᠤ ᠳᠠᠷᠠᠭ᠎ᠠ᠂ | ᠭᠡᠰᠢᠭᠦᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠣᠯᠪᠠᠰᠤᠷᠠᠭᠤᠯᠤᠯ ᠬᠢᠪᠡ᠃ ᠠᠩᠭᠢ ᠶᠢᠨ ᠭᠡᠰᠢᠭᠦᠳ | ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ ᠪᠥᠮᠪᠦᠭᠡ ᠡᠬᠢᠯᠡᠭᠦᠯᠬᠦ᠂ ᠪᠥᠮᠪᠦᠭᠡ ᠲᠤᠰᠬᠤ᠂ ᠬᠥᠮᠥᠷᠢᠨ ᠴᠣᠬᠢᠬᠤ | ᠵᠡᠷᠭᠡ ᠦᠨᠳᠦᠰᠦᠨ ᠡᠷᠳᠡᠮ ᠪᠣᠯᠪᠠᠰᠤᠷᠠᠬᠤ ᠶᠢᠨ ᠬᠠᠮᠲᠤ ᠪᠦᠯᠬᠦᠮ ᠤᠨ ᠪᠠᠶᠢᠯᠳᠤᠬᠤ ᠠᠷᠭ᠎ᠠ ᠶᠢ ᠲᠠᠰᠤᠷᠠᠯᠲᠠ ᠦᠭᠡᠢ | ᠦᠷᠦᠯᠳᠦᠵᠦ᠂ ᠬᠠᠮᠵᠢᠯᠴᠠᠬᠤ ᠡᠪ ᠤᠨ ᠬᠡᠮᠵᠢᠶ᠎ᠡ ᠪᠠᠨ ᠳᠡᠭᠡᠭᠰᠢᠯᠡᠭᠦᠯᠪᠡ᠃ | ᠤᠷᠤᠯᠳᠤᠭᠠᠨ ᠤ ᠲᠠᠯᠠᠪᠠᠢ ᠳᠤ᠂ ᠶᠢᠨ ᠬᠤᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠶᠢᠨ ᠭᠡᠰᠢᠭᠦᠳ | ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠪᠠ᠃ | ᠬᠦᠴᠦᠲᠦ ᠡᠰᠡᠷᠭᠦ ᠡᠲᠡᠭᠡᠳ ᠲᠡᠭᠡᠨ ᠲᠡᠳᠡ ᠥᠴᠦᠬᠡᠨ ᠴᠦ ᠠᠶᠤᠬᠤ ᠦᠭᠡᠢ ᠪᠠᠶᠢᠵᠤ᠂ ᠰᠢᠨᠲᠠᠷᠠᠰᠢ ᠦᠭᠡᠢ ᠬᠠᠳᠠᠨ | ᠵᠣᠷᠢᠭ ᠪᠠ ᠵᠣᠷᠢᠭᠲᠠᠢ ᠪᠠᠷ ᠥᠷᠢᠰᠥᠯᠳᠥᠬᠦ ᠡᠷᠡᠰ ᠵᠣᠷᠢᠭ ᠢ ᠢᠯᠡᠷᠡᠭᠦᠯᠪᠡ᠃ ᠬᠤᠶᠠᠳᠤᠭᠠᠷ ᠡᠭᠡᠯᠵᠢ ᠶᠢᠨ | ᠤᠷᠤᠯᠳᠤᠭᠠᠨ ᠳᠤ ᠶᠢᠨ ᠬᠤᠣ ᠪᠠᠯᠭᠠᠰᠤᠨ ᠤ ᠲᠥᠯᠥᠭᠡᠯᠡᠭᠴᠢᠳ ᠤᠨ ᠠᠩᠭᠢ ᠬᠦᠴᠦᠷᠬᠡᠭ ᠠᠩᠭᠢ ᠲᠠᠢ ᠤᠴᠠᠷᠠᠪᠠ᠂ | ᠭᠡᠪᠡᠴᠦ ᠠᠩᠭᠢ ᠶᠢᠨ ᠭᠡᠰᠢᠭᠦᠳ ᠥᠴᠦᠬᠡᠨ ᠴᠦ ᠤᠬᠤᠷᠢᠭᠰᠠᠨ ᠦᠭᠡᠢ᠃ ᠪᠥᠮᠪᠦᠭᠡ ᠪᠣᠯᠭᠠᠨ ᠢ ᠲᠡᠳᠡ ᠪᠦᠬᠦ | ᠬᠦᠴᠦ ᠪᠠᠷ ᠢᠶᠠᠨ ᠪᠤᠯᠢᠶᠠᠯᠳᠤᠵᠤ᠂ ᠤᠳᠠᠭ᠎ᠠ ᠪᠦᠷᠢ ᠶᠢᠨ ᠠᠯᠳᠠᠰᠢ ᠨᠢ ᠪᠦᠷ ᠳᠠᠷᠤᠢ ᠲᠦᠷᠭᠡᠨ ᠰᠡᠳᠬᠢᠯ | ᠰᠠᠨᠠᠭ᠎ᠠ ᠪᠠᠨ ᠲᠣᠬᠢᠷᠠᠭᠤᠯᠵᠤ᠂ ᠬᠠᠷᠢᠯᠴᠠᠨ ᠵᠣᠷᠢᠭᠵᠢᠭᠤᠯᠬᠤ ᠬᠡᠷᠡᠭᠲᠡᠢ᠃ ᠭᠠᠷᠮᠠᠭᠠᠢ ᠬᠤᠷᠢᠭᠯᠠᠯᠲᠠ ᠪᠠ ᠤᠷᠠᠨ | ᠰᠠᠶᠢᠬᠠᠨ ᠳᠠᠭᠠᠷᠢᠯᠲᠠ ᠳᠤ ᠲᠦᠰᠢᠭᠯᠡᠨ᠂ ᠲᠡᠳᠡ ᠳᠠᠪᠬᠤᠷ ᠪᠦᠰᠡᠯᠡᠯᠲᠡ ᠶᠢ ᠠᠮᠵᠢᠯᠲᠠᠲᠠᠢ ᠰᠢᠪᠲᠤᠯᠵᠤ᠂ | ᠰᠢᠭᠰᠢᠭᠳᠡᠭᠦᠯᠬᠦ ᠤᠷᠤᠯᠳᠤᠭᠠᠨ ᠳᠤ ᠤᠷᠤᠭᠰᠢᠲᠠᠢ ᠳᠡᠰ ᠲᠠᠪᠰᠢᠪᠠ᠃ | ᠡᠭᠡᠯᠵᠢᠨ ᠤ ᠤᠷᠤᠯᠳᠤᠭᠠᠨ ᠳᠤ ᠤᠷᠤᠭᠰᠠᠨ ᠤ ᠳᠠᠷᠠᠭ᠎ᠠ᠂ ᠤᠷᠤᠯᠳᠤᠭᠠᠨ ᠤᠯᠠᠮ ᠰᠢᠷᠦᠭᠦᠰᠴᠦ ᠪᠠᠶᠢᠨ᠎ᠠ᠃ | ᠶᠢᠨ ᠬᠤᠣ ᠪᠠᠯᠭᠠᠰᠤᠨ ᠤ ᠲᠥᠯᠥᠭᠡᠯᠡᠭᠴᠢᠳ ᠤᠨ ᠠᠩᠭᠢ ᠰᠢᠯᠢᠯᠲᠡ ᠶᠢᠨ ᠤᠷᠤᠯᠳᠤᠭᠠᠨ ᠳᠤ ᠪᠦᠯᠬᠦᠮᠳᠡᠨ | ᠬᠠᠮᠵᠢᠯᠴᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠩᠭᠢ ᠶᠢᠨ ᠳᠠᠷᠤᠭ᠎ᠠ ᠡᠯᠪᠡᠭ ᠪᠠᠶᠠᠯᠢᠭ | ᠤᠷᠤᠯᠳᠤᠭᠠᠨ ᠤ ᠲᠤᠷᠰᠢᠯᠭ᠎ᠠ ᠳᠠᠭᠠᠨ ᠲᠦᠰᠢᠭᠯᠡᠨ ᠵᠢᠭᠰᠠᠭᠠᠯ ᠢᠶᠠᠨ ᠵᠣᠬᠢᠰᠲᠠᠢ ᠲᠣᠬᠢᠷᠠᠭᠤᠯᠵᠤ᠂ ᠬᠡᠷᠪᠡ | ᠲᠣᠭᠲᠠᠭᠰᠠᠨ ᠪᠣᠯ ᠵᠢᠯᠣᠭᠤᠳᠬᠤ ᠬᠡᠷᠡᠭᠲᠡᠢ᠃ ᠠᠩᠭᠢ ᠶᠢᠨ ᠭᠡᠰᠢᠭᠦᠳ ᠨᠢᠭᠲᠠ ᠬᠠᠮᠵᠢᠯᠴᠠᠨ᠂ ᠨᠢᠭᠡ ᠳᠠᠮᠵᠢᠭᠤᠷᠭᠠ | ᠯᠠᠪᠳᠠᠭᠤᠨ ᠪᠠᠲᠤᠲᠠᠢ ᠪᠠᠶᠢᠵᠤ᠂ ᠬᠤᠶᠠᠷ ᠲᠤ ᠤᠯᠠᠮᠵᠢᠯᠠᠭᠴᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ᠂ | ᠲᠠᠭᠠᠷᠢᠭᠴᠢ ᠥᠨᠳᠥᠷ ᠦᠰᠦᠷᠴᠦ᠂ ᠶᠡᠭᠡ ᠪᠠᠷ ᠲᠡᠮᠡᠴᠡᠵᠦ᠂ ᠭᠤᠶᠢᠳᠠ ᠰᠠᠶᠢᠬᠠᠨ ᠭᠱᠠᠨ ᠵᠠᠭᠤᠷ᠎ᠠ ᠨᠢ ᠠᠬᠤᠢ | ᠲᠠᠯᠠᠪᠠᠢ ᠶᠢᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃ ᠬᠡᠳᠦ᠋ᠢᠪᠡᠷ ᠬᠤᠪᠢ ᠬᠤᠷᠠᠮᠳᠤᠭᠤᠯᠬᠤ | ᠤᠷᠤᠯᠳᠤᠭᠠᠨ ᠳᠤᠮᠳᠠ᠂ ᠶᠢᠨ ᠬᠤᠣ ᠪᠠᠯᠭᠠᠰᠤᠨ ᠤ ᠲᠥᠯᠥᠭᠡᠯᠡᠭᠴᠢᠳ ᠤᠨ ᠠᠩᠭᠢ ᠬᠠᠷᠠᠮᠰᠠᠯ ᠲᠠᠢ ᠪᠠᠷ | ᠢᠯᠠᠭᠳᠠᠭᠰᠠᠨ ᠪᠣᠯᠪᠠᠴᠤ ᠲᠡᠳᠡ ᠵᠣᠷᠢᠭ ᠮᠣᠬᠤᠷᠠᠭᠰᠠᠨ ᠦᠭᠡᠢ᠂ ᠦᠳᠲᠡᠷ ᠲᠦᠷᠭᠡᠨ ᠪᠠᠶᠢᠳᠠᠯ ᠢ ᠲᠣᠬᠢᠷᠠᠭᠤᠯᠵᠤ᠂ | ᠬᠤᠶᠠᠳᠤᠭᠠᠷ ᠡᠭᠡᠯᠵᠢ ᠶᠢᠨ ᠪᠤᠯᠢᠶᠠᠯᠳᠤᠬᠤ ᠳᠠᠶᠢᠯᠠᠯᠳᠤᠭᠠᠨ ᠳᠤ ᠪᠦᠬᠦ ᠬᠦᠴᠦᠨ ᠢᠶᠠᠷ ᠢᠶᠠᠨ ᠣᠷᠣᠯᠴᠠᠪᠠ᠃ | ᠤᠷᠤᠯᠳᠤᠭᠠᠨ ᠤ ᠳᠤᠮᠳᠠ᠂ ᠠᠩᠭᠢ ᠶᠢᠨ ᠭᠡᠰᠢᠭᠦᠳ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠪᠠ᠃ | ᠲᠡᠳᠡ ᠨᠡᠩ ᠢᠳᠡᠪᠬᠢᠲᠡᠢ ᠬᠤᠷᠢᠭᠯᠠᠯᠲᠠ ᠪᠠ ᠥᠨᠳᠥᠷ ᠪᠦᠲᠦᠮᠵᠢᠲᠡᠢ ᠳᠠᠭᠠᠷᠢᠯᠲᠠ ᠪᠠᠷ ᠡᠰᠡᠷᠭᠦ ᠡᠲᠡᠭᠡᠳ ᠢᠶᠠᠨ | ᠳᠠᠷᠤᠵᠤ᠂ ᠡᠴᠦᠰ ᠲᠡᠭᠡᠨ ᠢᠯᠠᠭᠳᠠᠭᠴᠢ ᠨᠢ ᠢᠯᠠᠵᠤ᠂ ᠲᠤᠰ ᠤᠳᠠᠭᠠᠨ ᠤ ᠤᠷᠤᠯᠳᠤᠭᠠᠨ ᠤ ᠭᠤᠷᠪᠠᠳᠤᠭᠠᠷ | ᠳᠡᠰ ᠤᠨ ᠱᠠᠩᠨᠠᠯ ᠢ ᠬᠦᠷᠲᠡᠪᠡ᠃ | ᠲᠤᠰ ᠤᠳᠠᠭᠠᠨ ᠤ ᠱᠠᠩᠨᠠᠯ ᠬᠦᠷᠲᠡᠭᠰᠡᠨ ᠨᠢ ᠶᠢᠨ ᠬᠤᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠶᠢᠨ | ᠭᠡᠰᠢᠭᠦᠳ ᠤᠨ ᠰᠢᠷᠭᠠᠭᠤ ᠬᠠᠲᠠᠭᠤᠵᠢᠯᠲᠠᠢ ᠭᠠᠷᠭᠠᠭᠰᠠᠨ ᠨᠤᠲᠠᠯᠠᠯᠲᠠ ᠶᠢ ᠨᠤᠲᠠᠯᠠᠭᠰᠠᠨ ᠢᠶᠠᠷ ᠪᠠᠷᠠᠬᠤ ᠦᠭᠡᠢ᠂ ᠶᠢᠨ | ᠬᠤᠤ ᠪᠠᠯᠭᠠᠰᠤᠨ ᠤ ᠠᠷᠠᠳ ᠲᠦᠮᠡᠨ ᠤ ᠢᠳᠡᠪᠬᠢᠲᠡᠢ ᠥᠭᠡᠳᠡᠯᠡᠨ ᠳᠠᠪᠰᠢᠬᠤ᠂ ᠪᠦᠯᠬᠦᠮᠳᠡᠨ ᠲᠡᠮᠡᠴᠡᠬᠦ ᠣᠶᠤᠨ | ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠶᠢᠨ ᠬᠤᠤ ᠪᠠᠯᠭᠠᠰᠤᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠶᠢᠰᠢᠳᠠ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠦᠷᠭᠦᠯᠵᠢᠯᠡᠨ ᠳᠡᠮᠵᠢᠵᠦ᠂ ᠨᠡᠩ ᠣᠯᠠᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠣᠯᠴᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠭᠦᠨᠵᠡᠭᠡᠢ | ᠥᠷᠨᠢᠬᠦ ᠶᠢ ᠲᠦᠯᠬᠢᠨ ᠠᠬᠢᠭᠤᠯᠵᠤ᠂ ᠡᠷᠡᠭᠦᠯ ᠡᠩᠬᠡ ᠭᠦᠶᠡᠩ ᠤᠨ ᠪᠦᠲᠦᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠨ᠎ᠡ ᠭᠡᠵᠡᠢ᠃ | |