3 ᠰᠠᠷ᠎ᠠ ᠶᠢᠨ 14 ᠤ ᠡᠳᠦᠷ᠂ ᠭᠦᠶᠡᠩ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ | ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠪᠤᠭᠤᠲᠤ ᠬᠤᠲᠠ ᠶᠢᠨ | ᠨᠠᠮ ᠤᠨ ᠬᠤᠷᠢᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ 2025 ᠣᠨ ᠤ ᠪᠥᠬᠦ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠵᠢᠴᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ | ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠾᠧᠦ ᠶᠥᠩ | ᠹᠧᠩ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠶᠢᠨ ᠬᠤᠤ ᠪᠠᠯᠭᠠᠰᠤ᠂ ᠰᠢᠩ ᠱᠦᠨ ᠰᠢ ᠪᠠᠯᠭᠠᠰᠤ᠂ ᠰᠢ ᠳ᠋ᠧᠦ | ᠫᠦ᠋ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃ | ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠢᠮᠠᠭᠲᠠ ︽ᠤᠯᠤᠰ ᠤᠨ ᠶᠡᠭᠡ ᠶᠠᠪᠤᠳᠠᠯ︾ ᠤᠨ ᠤᠯᠤᠰ | ᠲᠥᠷᠥ ᠶᠢᠨ ᠦᠨᠳᠦᠷᠴᠡ ᠳᠤ ᠵᠣᠭᠰᠣᠵᠤ᠂ ᠳᠣᠲᠣᠭᠠᠳᠤ ᠭᠠᠳᠠᠭᠠᠳᠤ ᠶᠢᠨ ᠪᠠᠶᠢᠳᠠᠯ ᠢ ᠭᠦᠨᠵᠡᠭᠡᠢ ᠲᠠᠨᠢᠵᠤ᠂ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠠᠳᠬᠤᠬᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ︽ᠬᠦᠴᠢᠷ ᠢ ᠲᠤᠭᠤᠯᠤᠨ ᠪᠡᠷᠬᠡ ᠶᠢ ᠳᠠᠪᠠᠭ᠋ᠤ︾ | ᠠᠵᠢᠯ ᠤᠨ ᠡᠷᠴᠢᠮ ᠢ ᠢᠮᠠᠭᠲᠠ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠶᠠᠨ ᠢ | ᠲᠣᠭᠲᠠᠪᠤᠷᠢᠵᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠠᠵᠢᠯ ᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ᠮᠡᠷᠭᠡᠵᠢᠯ ᠤᠨ ᠰᠢᠨ᠎ᠡ ᠶᠢ | ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠲᠠᠯ᠎ᠠ ᠪᠠᠷ | ᠰᠢᠨ᠎ᠡ ᠳᠠᠪᠠᠯᠲᠠ ᠶᠢ ᠪᠡᠶᠡᠯᠡᠭᠦᠯᠬᠦ ᠬᠡᠷᠡᠭᠲᠡᠢ᠃ ᠨᠡᠶᠢᠭᠡᠮ ᠤᠨ ᠦᠷ᠎ᠡ ᠠᠰᠢᠭ ᠢ ᠠᠩᠬᠠᠷᠴᠤ᠂ ᠨᠡᠩ ᠣᠯᠠᠨ ᠲᠠᠷᠢᠶᠠᠨ | ᠭᠠᠵᠠᠷ ᠢ ᠡᠮᠬᠢᠯᠡᠵᠦ᠂ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ᠂ | ᠬᠤᠷᠰᠢᠶ᠎ᠠ ᠲᠠᠷᠢᠶᠠᠴᠢᠨ ᠡᠷᠦᠬᠡ ᠲᠠᠢ ᠨᠢᠭᠲᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠬᠤ ᠶᠢ | ᠠᠬᠢᠭᠤᠯᠬᠤ ᠬᠡᠷᠡᠭᠲᠡᠢ᠃ ᠠᠮᠢ ᠠᠬᠤᠢ ᠶᠢᠨ ᠦᠷ᠎ᠡ ᠠᠰᠢᠭ ᠢ ᠳᠤᠪᠤᠶᠢᠯᠭᠠᠵᠤ᠂ ᠡᠬᠢ ᠪᠠᠶᠠᠯᠢᠭ ᠢ ᠡᠷᠭᠢᠯᠳᠦᠭᠦᠯᠦᠨ | ᠠᠰᠢᠭᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠠᠬᠢᠭᠤᠯᠵᠤ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ | ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ | ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠤ ᠦᠢᠯᠡᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠯᠤᠰ ᠤᠨ | ᠣᠷᠣᠭᠤᠯᠤᠯᠲᠠ ᠠᠴᠠ ᠪᠤᠢ ᠪᠣᠯᠤᠭᠰᠠᠨ ᠡᠳ᠋ ᠬᠥᠷᠥᠩᠭᠡ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ | ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠡᠯ᠎ᠡ | ᠱᠠᠲᠤᠨ ᠤ ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠪᠠ ᠶᠠᠳᠠᠭᠤᠷᠠᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ︽ᠱᠠᠲᠤ ᠱᠠᠲᠤ ᠪᠠᠷ ᠪᠣᠳᠠᠲᠠᠶᠢᠵᠢᠭᠤᠯᠬᠤ︾ | ᠬᠠᠷᠢᠭᠤᠴᠠᠯᠭ᠎ᠠ ᠶᠢᠨ ᠬᠡᠯᠬᠢᠶ᠎ᠡ ᠶᠢ ᠢᠮᠠᠭᠲᠠ ᠴᠢᠩᠭᠠᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ | ᠠᠭᠤᠷ ᠠᠮᠢᠰᠬᠤᠯ ᠢ ᠪᠣᠢ ᠪᠣᠯᠭᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠡᠭ ᠲᠤ ᠵᠣᠭᠰᠣᠵᠤ᠂ ︽ᠴᠠᠭ ᠪᠢᠳᠡᠨ ᠢ ᠬᠦᠯᠢᠶᠡᠬᠦ ᠦᠭᠡᠢ︾ ᠲᠤᠯᠭᠠᠮ᠎ᠠ | ᠰᠡᠳᠬᠢᠯᠭᠡ ᠪᠠᠷ ᠠᠵᠠ ᠲᠣᠬᠢᠶᠠᠯ ᠢ ᠠᠮᠵᠢᠵᠤ᠂ ︽ᠦᠪᠡᠷ ᠤᠨ ᠢᠶᠠᠨ ᠦᠷᠡᠭᠳᠡᠭᠦᠯᠬᠦ︾ ᠡᠭᠦᠷᠭᠡᠲᠦ ᠪᠣᠳᠣᠯ ᠢᠶᠠᠷ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠠᠮᠤ ᠪᠤᠳᠠᠭᠠᠨ ᠤ ᠠᠮᠤᠷ ᠲᠦᠪᠰᠢᠨ ᠭᠡᠬᠦ ᠡᠨᠡᠬᠦ ︽ | ᠰᠠᠭᠤᠷᠢ ᠴᠢᠯᠠᠭᠤ︾ ᠶᠢ ᠲᠣᠭᠲᠠᠭᠠᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡ ᠬᠦ ︽ᠠᠯᠲᠠᠨ | ᠲᠦᠯᠬᠢᠭᠦᠷ︾ ᠢ ᠴᠢᠩᠭ᠎ᠠ ᠡᠵᠡᠮᠳᠡᠵᠦ᠂ ᠠᠮᠢ ᠠᠬᠤᠢ ᠶᠢ ᠬᠠᠮᠠᠭᠠᠯᠠᠬᠤ ᠡᠨᠡ ᠬᠦ ︽ᠠᠮᠢᠨ ᠰᠤᠳᠠᠰᠤ︾ ᠶᠢ | ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠬᠥᠭᠵᠢᠭᠡᠵᠦ᠂ ᠥᠷᠭᠡᠨ ᠠᠭᠤᠳᠠᠮ ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠲᠡᠷᠢᠭᠦᠨ ᠵᠡᠷᠭᠡ ᠶᠢᠨ | ᠠᠮᠵᠢᠯᠲᠠ ᠪᠦᠲᠦᠮᠵᠢ ᠪᠠᠷ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ ᠭᠦᠶᠠᠩ ᠢᠶᠠᠨ | ᠬᠠᠶᠢᠷᠠᠯᠠᠵᠤ᠂ ᠬᠥᠭᠵᠢᠯᠲᠡ ᠶᠢ ᠡᠷᠢᠯᠬᠢᠯᠡᠬᠦ︾ ᠬᠡᠷᠡᠭᠲᠡᠢ ᠭᠡᠵᠡᠢ︕ | ᠾᠧᠦ ᠶᠥᠩ ᠹᠧᠩ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ | ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠥᠳᠡᠭᠡ ᠠᠵᠤ ᠠᠬᠤᠢ ᠶᠢᠨ ᠴᠢᠨᠠᠷ | ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ | ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠶᠢᠨ ᠤᠳᠤᠷᠢᠳᠤᠮᠵᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ | ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠨᠠᠷᠢᠨ | ᠨᠢᠮᠪᠠᠢ ᠰᠠᠶᠢᠲᠤᠷ ᠬᠢᠵᠦ᠂ ᠲᠣᠭᠲᠠᠭᠤᠨ ᠡᠮᠬᠢ ᠵᠢᠷᠤᠮ ᠲᠠᠢ ᠰᠢᠯᠵᠢᠬᠦ ᠶᠢ ᠪᠠᠲᠤᠯᠠᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠦᠲᠡᠢ ᠪᠦᠲᠦᠮᠵᠢᠲᠡᠢ ᠰᠢᠮᠳᠠᠭᠤᠯᠤᠨ ᠵᠢᠯᠣᠭᠤᠳᠬᠤ | ᠬᠡᠷᠡᠭᠲᠡᠢ᠃ ᠬᠥᠳᠡᠭᠡ ᠠᠵᠤ ᠠᠬᠤᠢ ᠶᠢ ᠬᠦᠭᠵᠢᠭᠦᠯᠬᠦ᠂ ᠬᠥᠳᠡᠭᠡ ᠲᠣᠰᠬᠤᠨ ᠢ ᠴᠡᠴᠡᠭᠯᠡᠭᠦᠯᠬᠦ᠂ ᠲᠠᠷᠢᠶᠠᠴᠢᠳ ᠢ | ᠪᠠᠶᠠᠵᠢᠭᠤᠯᠬᠤ ᠶᠢ ᠪᠦᠬᠦ ᠬᠦᠴᠢ ᠪᠠᠷ ᠢᠶᠠᠨ ᠠᠬᠢᠭᠤᠯᠬᠤ ᠬᠡᠷᠡᠭᠳᠡᠢ ᠭᠡᠵᠡᠢ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠪᠠᠯᠭᠠᠰᠤᠨ ᠳᠤ ᠬᠤᠪᠢᠶᠠᠷᠢ ᠬᠤᠷᠠᠯ ᠤᠨ ᠲᠠᠯᠠᠪᠠᠢ | ᠲᠤᠬᠢᠷᠠᠭᠤᠯᠵᠠᠢ᠃ ᠰᠢᠶᠠᠨ ᠤ ᠨᠠᠮ ᠤᠨ ᠬᠤᠷᠢᠶ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠰᠢᠶᠠᠨ ᠤ ᠵᠠᠰᠠᠭ ᠤᠨ ᠣᠷᠳᠣᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂ | ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠪᠠ᠃ | |