ᠪᠠᠶᠠᠷ ᠤᠨ ᠮᠡᠳᠡᠭᠡ︕ ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠣᠷᠣᠨ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠣᠷᠭᠢᠯ ᠬᠡᠮᠵᠢᠭᠳᠡᠯ ᠳᠤ ᠬᠥᠷᠬᠦ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2025/3/17
    ᠪᠤᠭᠤᠳᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠣᠷᠣᠨ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠬᠦᠷᠢᠶᠡᠯᠡᠩ ᠲᠣᠭᠤᠷᠢᠭ︾   ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠠᠵᠤ ᠠᠬᠤᠢ ᠶᠢᠨ ᠪᠣᠬᠢᠷᠲᠤᠯ ᠦᠭᠡᠢ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠰᠦᠯ︾ ᠶᠣᠰᠣᠭᠠᠷ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠤᠷᠰᠢᠯᠲᠠ ᠶᠢᠨ ᠴᠡᠭ ᠤᠨ ᠬᠦᠷᠢᠶᠡᠯᠡᠩ ᠲᠣᠭᠤᠷᠢᠭ ᠤᠨ ᠨᠡᠷᠡᠰ ᠢ ᠨᠡᠶᠢᠲᠡᠯᠡᠵᠦ᠂ ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃   ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠪᠤᠭᠤᠲᠤ ᠶᠢᠨ ᠵᠢᠨᠱᠠᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠢᠮᠠᠭᠲᠠ ᠦᠢᠯᠡᠳᠦᠯᠭᠡᠵᠢᠭᠦᠯᠵᠦ ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠣᠷᠴᠢᠯ ᠠᠵᠤ ᠠᠬᠤᠢ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠎ᠠ᠃ ᠠᠵᠤ ᠠᠬᠤᠶᠢᠯᠠᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠢᠳᠡᠪᠬᠢᠲᠡᠢ ᠪᠠᠭᠠᠰᠬᠠᠵᠤ᠂ 2024 ᠣᠨ ᠳᠤ ᠤᠯᠤᠰ ᠤᠨ ᠳᠡᠰ ᠤᠨ ᠪᠣᠬᠢᠷᠲᠤᠯ ᠦᠭᠡᠢ ᠦᠢᠯᠡᠳᠪᠦᠷᠢ ᠶᠢ 1 ᠪᠤᠶᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ︕    ᠳᠠᠷᠠᠭᠠᠴᠢ ᠶᠢᠨ ᠠᠯᠬᠤᠮ ᠳᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠢᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠲᠣᠭᠤᠷᠢᠨ ᠳᠤ᠂ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠴᠢ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ︽ᠪᠣᠬᠢᠷᠲᠤᠯ ᠦᠭᠡᠢ ᠴᠠᠬᠢᠯᠭᠠᠨ ᠢ ᠣᠷᠣᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ︾ ᠬᠥᠭᠵᠢᠯᠲᠡ ᠶᠢᠨ ᠠᠷᠭ᠎ᠠ ᠵᠠᠮ ᠢ ᠪᠠᠶᠢᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠣᠯᠠᠨ ︽ᠪᠣᠬᠢᠷᠲᠤᠯ ᠦᠭᠡᠢ ᠬᠥᠳᠡᠯᠭᠡᠬᠦ ᠬᠦᠴᠦᠨ︾ ᠨᠡᠮᠡᠷᠢᠯᠡᠨ᠎ᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号