ᠵᠢᠨᠱᠠᠨ ᠪᠠᠯᠭᠠᠰᠤ ᠬᠠᠪᠤᠷ ᠤᠨ ᠤᠯᠠᠷᠢᠯ ᠤᠨ ᠬᠦᠷ ᠨᠠᠷᠭᠢᠶᠠᠨᠳᠠᠢ ᠪᠡᠶ᠎ᠡ ᠲᠠᠮᠢᠷ ᠤᠨ ᠬᠦᠳᠡᠯᠭᠡᠭᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2025/3/18
   ᠲᠦᠮᠡᠨ ᠪᠣᠳᠠᠰ ᠰᠡᠷᠭᠦᠭᠰᠡᠨ ᠤᠷᠢᠬᠠᠨ ᠬᠠᠪᠤᠷ ᠤᠨ ᠭᠤᠷᠪᠠᠳᠤᠭᠠᠷ ᠰᠠᠷ᠎ᠠ ᠳᠤ᠂ ᠵᠢᠨᠱᠠᠨ ᠪᠠᠯᠭᠠᠰᠤᠨ ᠤ ᠰᠢᠨᠬᠤᠸᠠ ᠬᠤᠷᠢᠶ᠎ᠠ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠬᠤᠶᠢᠨ᠎ᠠ ᠬᠤᠶᠢᠨ᠎ᠠ ᠠᠴᠠ ᠪᠠᠨ ᠤᠷᠮ᠎ᠠ ᠪᠠᠬ᠎ᠠ ᠶᠢ ᠲᠠᠲᠠᠭᠰᠠᠨ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠠᠮᠢᠵᠢᠷᠠᠯ ᠤᠨ ᠬᠦᠴᠦᠨ ᠪᠠ ᠪᠠᠶᠠᠷ ᠪᠠᠶᠠᠰᠬᠤᠯᠠᠩᠲᠤ ᠬᠠᠪᠤᠷ ᠤᠨ ᠤᠯᠠᠷᠢᠯ ᠤᠨ ᠥᠩᠭᠡᠷᠡᠯᠲᠡ ᠶᠢ ᠠᠪᠴᠢᠷᠠᠵᠤ᠂ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠦᠲᠦᠮᠵᠢᠲᠡᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃   ᠲᠤᠰ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠪᠦᠬᠦ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ᠂ ᠠᠳᠠᠯ ᠠᠬᠤᠢ ᠶᠢᠨ ᠠᠵᠢᠯᠲᠠᠨ ᠵᠢᠴᠢ ᠬᠠᠷᠢᠶᠠᠲᠤ ᠣᠷᠣᠨ ᠤ ᠰᠠᠭᠤᠭᠠᠯᠢ ᠠᠷᠠᠳ ᠵᠡᠷᠭᠡ 100 ᠭᠠᠷᠤᠢ ᠬᠥᠮᠦᠨ ᠢᠳᠡᠪᠬᠢᠲᠡᠢ ᠣᠷᠣᠯᠴᠠᠵᠠᠢ᠃   ᠲᠤᠬᠠᠢ ᠶᠢᠨ ᠲᠠᠯᠠᠪᠠᠢ ᠮᠠᠰᠢ ᠬᠥᠷ ᠬᠥᠭᠵᠢᠶᠡᠨ ᠲᠠᠢ ᠪᠠᠶᠢᠵᠤ᠂ ᠬᠠᠰᠬᠢᠷᠬᠤ ᠳᠠᠭᠤᠨ᠂ ᠪᠠᠶᠠᠷᠯᠠᠨ ᠢᠨᠢᠶᠡᠯᠴᠡᠬᠦ ᠳᠠᠭᠤᠨ ᠰᠣᠯᠪᠢᠴᠠᠨ ᠪᠦᠷᠢᠯᠳᠦᠪᠡ᠃ ᠲᠤᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠲᠥᠷᠥᠯ ᠵᠦᠢᠯ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠳᠡᠭᠡᠰᠦ ᠦᠰᠦᠷᠬᠦ ᠤᠷᠤᠯᠳᠤᠭᠠᠨ᠂ ᠲᠡᠪᠡᠭ ᠢᠰᠬᠦᠯᠬᠦ ᠤᠷᠤᠯᠳᠤᠭᠠᠨ᠂ ᠰᠣᠨᠢᠷᠬᠠᠯᠲᠤ ᠠᠯᠬᠤᠭ᠎ᠠ᠂ ᠰᠣᠨᠢᠷᠬᠠᠯᠲᠤ ᠳᠡᠪᠦᠷ᠎ᠡ ᠲᠠᠯᠪᠢᠬᠤ᠂ ᠬᠡᠶᠢᠲᠦ ᠪᠥᠮᠪᠦᠭᠡ ᠭᠢᠰᠬᠢᠬᠦ᠂ ᠬᠡᠶᠢᠲᠦ ᠪᠥᠮᠪᠦᠭᠡ ᠬᠦᠷᠭᠡᠬᠦ᠂ ᠲᠣᠭᠤᠷᠢᠭ ᠲᠠᠮᠵᠢᠭᠤᠯᠬᠤ ᠵᠡᠷᠭᠡ 7 ᠲᠥᠷᠥᠯ ᠵᠦᠢᠯ ᠶᠠᠪᠤᠭᠳᠠᠪᠠ᠃ ᠤᠷᠤᠯᠳᠤᠭᠠᠨ ᠡᠬᠢᠯᠡᠬᠦ ᠶᠢᠨ ᠬᠠᠮᠲᠤ᠂ ᠲᠠᠮᠢᠷᠴᠢᠳ ᠦᠳᠲᠡᠷ ᠲᠦᠷᠭᠡᠨ ᠪᠠᠶᠢᠳᠠᠯ ᠳᠤ ᠣᠷᠣᠵᠤ᠂ ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ ᠭᠡᠬᠦ ᠵᠠᠷᠴᠢᠮ ᠢ ᠪᠠᠷᠢᠮᠲᠠᠯᠠᠨ᠂ ᠪᠦᠯᠬᠦᠮᠳᠡᠨ ᠬᠠᠪᠰᠤᠷᠤᠯᠴᠠᠵᠤ᠂ ᠬᠠᠷᠢᠯᠴᠠᠨ ᠬᠥᠭᠡᠭᠡᠴᠡᠯᠳᠦᠵᠦ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠬᠤᠶᠠᠷ ᠴᠠᠭ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠯ᠎ᠡ ᠲᠥᠷᠥᠯ ᠵᠦᠢᠯ ᠴᠥᠮ ᠢᠯᠠᠯᠲᠠ ᠣᠯᠤᠭᠰᠠᠳ ᠢ ᠤᠷᠤᠭᠰᠢᠲᠠᠢ ᠪᠠᠷ ᠰᠢᠯᠭᠠᠷᠠᠭᠤᠯᠵᠤ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠱᠠᠩᠨᠠᠯ ᠬᠦᠷᠲᠡᠭᠰᠡᠳ ᠲᠤ ᠱᠠᠩᠨᠠᠯ ᠤᠨ ᠪᠤᠳᠠᠰ ᠭᠠᠷᠳᠠᠭᠤᠯᠪᠠ᠃   ᠠᠵᠢᠯᠯᠠᠭ᠎ᠠ ᠶᠢᠨ ᠲᠡᠭᠦᠰᠬᠡᠯ ᠳᠤ᠂ ᠪᠦᠬᠦ ᠣᠷᠣᠯᠴᠠᠭᠰᠠᠳ ᠨᠡᠶᠢᠲᠡ ᠶᠢᠨ ᠰᠡᠭᠦᠳᠡᠷ ᠢ ᠰᠡᠭᠦᠳᠡᠷᠯᠡᠵᠦ᠂ ᠪᠠᠶᠠᠷᠯᠠᠨ ᠢᠨᠢᠶᠡᠯᠴᠡᠬᠦ ᠳᠠᠭᠤᠨ ᠤ ᠳᠤᠮᠳᠠ ᠲᠤᠰ ᠤᠳᠠᠭᠠᠨ ᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃   ᠲᠤᠰ ᠡᠳᠦᠷ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠭᠦᠶᠡᠩ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠭᠦᠶᠡᠩ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠢᠨᠱᠠᠨ ᠪᠠᠯᠭᠠᠰᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠥᠷᠲᠡᠭᠡ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠨᠡᠶᠢᠭᠡᠮ ᠲᠣᠭᠤᠷᠢᠭ ᠤᠨ ᠰᠤᠷᠭᠠᠭᠤᠯᠢ ᠵᠡᠷᠭᠡ ᠣᠯᠠᠨ ᠨᠢᠭᠡᠴᠡ ᠲᠠᠢ ᠬᠠᠮᠲᠤᠷᠠᠨ ︽ᠬᠥᠷᠰᠢ ᠵᠡᠷᠭᠡᠯᠡᠳᠡᠭᠡ︾ ᠶᠢᠨ ᠲᠠᠮᠢᠷ ᠤᠨ ᠬᠥᠳᠡᠯᠭᠡᠭᠡᠨ ᠥᠷᠨᠢᠭᠦᠯᠵᠡᠢ᠃ ᠲᠤᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠨᠢ ᠬᠥᠷᠰᠢ ᠵᠡᠷᠭᠡᠯᠡᠳᠡᠭᠡ ᠶᠢᠨ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 50 ᠭᠠᠷᠤᠢ ︽ᠨᠡᠷ᠎ᠡ ᠲᠥᠷᠥ ᠲᠠᠢ ᠲᠠᠮᠢᠷᠴᠢᠨ︾ ᠨᠢ ᠢᠳᠡᠪᠬᠢᠲᠡᠢ ᠣᠷᠣᠯᠴᠠᠵᠤ᠂ ᠪᠡᠶ᠎ᠡ ᠲᠠᠮᠢᠷ ᠤᠨ ᠬᠥᠳᠡᠯᠭᠡᠭᠡᠨ ᠤ ᠳᠤᠮᠳᠠ ᠥᠪᠡᠷ ᠢ ᠪᠠᠨ ᠥᠷᠢᠰᠥᠯᠳᠦᠵᠦ᠂ ᠥᠪᠡᠷᠮᠢᠴᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃    ᠦᠳᠡ ᠶᠢᠨ ᠬᠤᠶᠢᠨᠠᠬᠢ 2 ᠴᠠᠭ ᠲᠤ᠂ ᠨᠡᠶᠢᠭᠡᠮ ᠲᠣᠭᠤᠷᠢᠭ ᠤᠨ ᠠᠵᠢᠯᠲᠠᠳ ᠭᠦᠢᠴᠡᠳ ᠪᠡᠯᠡᠳᠬᠡᠯ ᠬᠢᠵᠦ᠂ ᠡᠯ᠎ᠡ ᠲᠥᠷᠥᠯ ᠤᠨ ᠪᠠᠭᠠᠵᠢ ᠬᠡᠷᠡᠭᠰᠡᠯ ᠪᠦᠷᠢᠨ ᠭᠦᠢᠴᠡᠳ ᠪᠠᠶᠢᠵᠤ᠂ ᠲᠠᠪᠴᠠᠩ ᠤᠨ ᠬᠠᠵᠠᠭᠤ ᠳᠤ ᠡᠯ᠎ᠡ ᠥᠩᠭᠡ ᠶᠢᠨ ᠭᠠᠷ ᠴᠠᠭᠠᠷᠢᠭ᠂ ᠡᠷᠡᠭᠦᠯ ᠮᠡᠨᠳᠦ ᠶᠢᠨ ᠠᠮᠠᠯᠠᠯᠲᠠ ᠶᠢᠨ ᠪᠢᠴᠢᠭ ᠪᠣᠯᠤᠨ ᠲᠦᠷᠭᠡᠨ ᠠᠪᠤᠷᠠᠯᠲᠠ ᠶᠢᠨ ᠪᠣᠭᠴᠣ ᠵᠡᠷᠭᠡ ᠳᠤ ᠭᠠᠷ ᠤᠨ ᠦᠰᠦᠭ ᠵᠢᠷᠤᠪᠠ᠃ ᠤᠷᠤᠯᠳᠤᠭᠠᠨ ᠳᠤ ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠠᠪᠤᠨ ᠮᠢᠨᠦ᠋ᠲ ᠤᠨ ᠪᠡᠶ᠎ᠡ ᠳᠠᠰᠬᠠᠬᠤ ᠬᠥᠳᠡᠯᠭᠡᠭᠡᠨ ᠬᠢᠵᠦ᠂ ᠳᠠᠷᠠᠭ᠎ᠠ ᠨᠢ ᠤᠷᠤᠯᠳᠤᠭᠠᠨ ᠤ ᠭᠠᠷ ᠴᠠᠭᠠᠷᠢᠭ ᠢᠶᠠᠨ ᠵᠡᠭᠦᠵᠦ᠂ ᠲᠤᠬᠠᠢ ᠶᠢᠨ ᠲᠠᠯᠠᠪᠠᠢ ᠳᠤ ᠤᠢᠩᠭᠡ ᠢᠯᠭᠠᠷᠠᠨ ᠬᠠᠷᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃    ᠲᠠᠮᠢᠷ ᠤᠨ ᠴᠤᠭᠯᠠᠭᠠᠨ ᠤ ᠲᠥᠷᠥᠯ ᠵᠦᠢᠯ ᠨᠢ ᠤᠯᠠᠨ ᠪᠥᠭᠡᠳ ᠰᠣᠨᠢᠷᠬᠠᠯᠲᠠᠢ ᠪᠠᠶᠢᠵᠤ᠂ ᠯᠣᠩᠬᠤ ᠪᠤᠰᠬᠠᠬᠤ ᠲᠥᠷᠥᠯ ᠵᠦᠢᠯ ᠨᠢ ᠦᠵᠡᠬᠦ ᠳᠤ ᠳᠥᠭᠦᠮᠬᠡᠨ ᠪᠣᠯᠪᠠᠴᠤ ᠳᠠᠯᠳᠠᠭᠤᠷ ᠤᠯᠠᠨ ᠤᠬᠠᠭᠠᠨ ᠬᠡᠷᠡᠭᠯᠡᠵᠦ᠂ ᠪᠦᠯᠬᠦᠮᠳᠡᠯ ᠤᠨ ᠬᠦᠴᠦᠨ ᠢ ᠬᠡᠷᠡᠭᠯᠡᠨ᠎ᠡ᠃ ᠠᠮᠵᠢᠯᠲᠠ ᠣᠯᠬᠤ ᠦᠶ᠎ᠡ ᠳᠤ ᠠᠩᠭᠢ ᠶᠢᠨ ᠭᠡᠰᠢᠭᠦᠳ ᠪᠠᠶᠠᠷᠯᠠᠨ ᠬᠠᠰᠬᠢᠷᠴᠤ ᠪᠠᠶᠢᠯ᠎ᠠ᠃ ᠡᠴᠦᠰ ᠲᠤ᠂ ᠬᠤᠶᠠᠷ ᠴᠠᠭ ᠤᠨ ᠰᠢᠷᠦᠭᠦᠨ ᠮᠥᠷᠦ᠋ᠢᠴᠡᠭᠡᠨ ᠢᠶᠠᠷ ᠳᠠᠮᠵᠢᠨ᠂ ᠤᠷᠤᠯᠳᠤᠭᠠᠨ ᠤ ᠡᠮᠦᠨ᠎ᠡ ᠭᠤᠷᠪᠠ ᠳᠤ ᠣᠷᠣᠯᠴᠠᠭᠴᠢ ᠱᠠᠩᠨᠠᠯ ᠬᠦᠷᠲᠡᠪᠡ᠃   ᠵᠢᠨᠱᠠᠨ ᠪᠠᠯᠭᠠᠰᠤ ᠡᠨᠡ ᠬᠤᠶᠠᠷ ᠤᠳᠠᠭᠠᠨ ᠤ ᠬᠠᠪᠤᠷ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠰᠠᠭᠤᠭᠠᠯᠢ ᠠᠷᠠᠳ ᠲᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠰᠡᠳᠬᠢᠯ ᠰᠠᠨᠠᠭ᠎ᠠ ᠪᠠᠨ ᠰᠡᠷᠭᠦᠭᠡᠬᠦ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠠᠬᠢᠭᠤᠯᠵᠤ᠂ ᠪᠣᠯᠪᠠᠰᠤᠨ ᠡᠶ᠎ᠡ ᠵᠣᠬᠢᠴᠠᠩᠭᠤᠢ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃ ᠰᠢᠨᠬᠤᠸᠠ ᠬᠤᠷᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠶᠦᠨ ᠯᠢ᠂ ᠢᠷᠡᠭᠡᠳᠦᠢ ᠳᠤ ᠰᠠᠭᠤᠭᠠᠯᠢ ᠠᠷᠠᠳ ᠲᠤ ᠦᠢᠯᠡᠴᠢᠯᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠡᠩ ᠣᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠡᠷᠬᠢᠯᠡᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠨ᠎ᠠ ᠭᠡᠵᠦ ᠢᠯᠡᠳᠬᠡᠪᠡ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠲᠤᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠣᠯᠠᠨ ᠳᠤ ᠦᠵᠡᠭᠦᠯᠵᠦ᠂ ᠨᠡᠶᠢᠭᠡᠮ ᠲᠣᠭᠤᠷᠢᠭ ᠤᠨ ᠪᠠᠶᠢᠭᠤᠯᠤᠭᠰᠠᠨ ᠠᠮᠢᠵᠢᠷᠠᠯ ᠤᠨ ᠬᠦᠴᠦᠨ ᠤ ᠲᠠᠪᠴᠠᠩ ᠨᠢ ᠨᠠᠰᠤᠳᠠᠶᠢᠴᠣᠳ ᠢ ᠭᠡᠷᠡᠯ ᠭᠢᠯᠪᠠᠭ᠎ᠠ ᠪᠠᠨ ᠰᠠᠴᠤᠷᠠᠭᠤᠯᠵᠤ ᠴᠢᠳᠠᠬᠤ ᠶᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ᠂ ᠵᠢᠨᠱᠠᠨ ᠪᠠᠯᠭᠠᠰᠤ ᠨᠡᠩ ᠣᠯᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠡᠩ ᠪᠠᠶᠠᠯᠢᠭ ᠰᠠᠶᠢᠬᠠᠨ ᠪᠤᠯᠭᠠᠨ᠎ᠠ᠃  
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号