ᠰᠢᠨ᠎ᠡ ᠪᠠᠷ ᠲᠤᠰᠢᠶᠠᠯ ᠡᠭᠦᠷᠭᠡᠯᠡᠬᠦ ᠭᠤᠭᠴᠣᠭᠠᠨ ᠤ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ | ᠠᠩᠬᠠᠨ ᠤ ᠲᠣᠪᠴᠢ︾ ᠶᠢ ᠰᠠᠶᠢᠲᠤᠷ ᠲᠣᠪᠴᠢᠯᠠᠬᠤ ᠶᠢᠨ ᠲᠥᠯᠥᠭᠡ᠂ 2025 ᠣᠨ ᠤ 3 ᠰᠠᠷ᠎ᠠ ᠶᠢᠨ 17 ᠤ | ᠡᠳᠦᠷ ᠤᠨ ᠦᠳᠡ ᠶᠢᠨ ᠬᠤᠶᠢᠨ᠎ᠠ᠂ ᠰᠢ ᠳ᠋ᠧᠦ ᠫᠦ᠋ ᠪᠠᠯᠭᠠᠰᠤ ᠰᠢᠨ᠎ᠡ ᠪᠠᠷ ᠲᠤᠰᠢᠶᠠᠯ ᠡᠭᠦᠷᠭᠡᠯᠡᠬᠦ ᠭᠤᠭᠴᠣᠭᠠᠨ ᠤ | ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠬᠠᠮᠲᠤ ᠶᠢᠨ ᠶᠠᠷᠢᠯᠴᠠᠭ᠎ᠠ ᠵᠢᠴᠢ ᠵᠠᠩᠭᠢᠯᠠᠭ᠎ᠠ ᠶᠢᠨ | ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠲᠤᠰ ᠤᠳᠠᠭᠠᠨ ᠤ ᠬᠤᠷᠠᠯ ᠢ | ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠡᠷᠬᠢᠯᠡᠭᠴᠢ ᠯᠢ ᠯᠢᠩ ᠪᠢᠨ ᠡᠷᠭᠢᠯᠡᠵᠦ᠂ ᠬᠡᠰᠡᠭ ᠪᠠᠭ ᠤᠨ ᠪᠦᠷᠢᠯᠳᠦᠬᠦᠨ᠂ ᠪᠦᠬᠦ ᠵᠠᠩᠭᠢᠯᠠᠭ᠎ᠠ ᠶᠢᠨ ᠺᠠᠳ᠋ᠷ᠂ | ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠺᠠᠳ᠋ᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠨ᠎ᠡ ᠪᠠᠷ ᠲᠤᠰᠢᠶᠠᠯ ᠡᠭᠦᠷᠭᠡᠯᠡᠬᠦ ᠭᠤᠭᠴᠣᠭᠠᠨ ᠤ ᠺᠠᠳ᠋ᠷ ᠤᠨ ᠲᠤᠰᠢᠶᠠᠯ ᠡᠭᠦᠷᠭᠡᠯᠡᠬᠦ | ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠵᠠᠯᠠᠭᠤ ᠨᠠᠰᠤ ᠪᠠᠨ | ᠰᠢᠭᠦᠭᠳᠡᠭᠰᠡᠨ 90 ᠤᠨ ᠠᠴᠠ ᠰᠡᠭᠦᠯᠡᠷᠬᠢ ᠺᠠᠳ᠋ᠷ︾ ᠢ ᠰᠢᠨ᠎ᠡ ᠪᠠᠷ ᠲᠤᠰᠢᠶᠠᠯ ᠡᠭᠦᠷᠭᠡᠯᠡᠭᠰᠡᠨ ᠵᠢᠷᠭᠤᠭᠠᠨ | ᠵᠠᠩᠭᠢᠯᠠᠭ᠎ᠠ ᠶᠢᠨ ᠺᠠᠳ᠋ᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠰᠡᠨ ᠤ ᠳᠠᠷᠠᠭ᠎ᠠ᠂ ᠲᠤᠰ ᠪᠡᠶ᠎ᠡ ᠶᠢᠨ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠵᠢᠯ ᠤᠨ ᠠᠭᠤᠯᠭ᠎ᠠ᠂ ᠡᠷᠬᠡ ᠪᠠᠨ | ᠬᠡᠷᠡᠭᠵᠢᠭᠦᠯᠬᠦ᠂ ᠬᠥᠮᠦᠰ ᠤᠨ ᠬᠤᠭᠤᠷᠣᠨᠳᠣᠬᠢ ᠶᠠᠪᠤᠯᠴᠠᠭ᠎ᠠ ᠵᠡᠷᠭᠡ ᠣᠯᠠᠨ ᠲᠠᠯ᠎ᠠ ᠪᠠᠷ ᠵᠠᠳᠠᠯᠤᠯᠲᠠ ᠬᠢᠵᠦ᠂ | ᠣᠷᠣᠰᠢᠵᠤ ᠮᠡᠳᠡᠬᠦ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠨᠠᠷᠢᠨ ᠬᠢᠨᠠᠮᠠᠭᠠᠢ ᠡᠷᠢᠬᠦ ᠶᠢᠨ | ᠬᠠᠮᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠰᠣᠯᠢᠯᠴᠠᠭᠠᠨ ᠤ ᠳᠤᠮᠳᠠ᠂ ᠺᠠᠳ᠋ᠷᠴᠤᠳ᠂ ᠢᠮᠠᠭᠲᠠ ᠰᠤᠷᠭᠠᠨ ᠬᠥᠮᠦᠵᠢᠯ ᠤᠨ ᠹᠢᠯᠢᠮ ᠳᠠᠬᠢ ᠵᠠᠯᠠᠭᠤ | ᠺᠠᠳ᠋ᠷᠴᠤᠳ ᠤᠨ ᠬᠡᠷᠡᠭ ᠢᠶᠠᠷ ᠴᠡᠭᠡᠷᠯᠡᠯ ᠪᠣᠯᠭᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ | ᠤᠯᠤᠰ ᠲᠥᠷᠥ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ | ᠲᠣᠭᠲᠠᠯ ᠬᠦᠴᠦᠨ ᠪᠣᠯᠤᠨ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ | ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠢᠲᠡᠭᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ | ᠢᠯᠡᠳᠬᠡᠵᠡᠭᠡᠪᠡ᠃ ᠬᠤᠷᠠᠯ ᠤᠨ ᠡᠴᠦᠰ ᠲᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ ᠪᠢᠨ ᠰᠢᠨ᠎ᠡ ᠪᠠᠷ ᠲᠤᠰᠢᠶᠠᠯ ᠡᠭᠦᠷᠭᠡᠯᠡᠭᠰᠡᠨ | ᠵᠠᠩᠭᠢᠯᠠᠭ᠎ᠠ ᠶᠢᠨ ᠺᠠᠳ᠋ᠷᠴᠤᠳ ᠤᠨ ᠲᠤᠬᠠᠢ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ | ᠶᠠᠷᠢᠯᠴᠠᠭᠰᠠᠨ ᠪᠥᠭᠡᠳ ᠲᠠᠪᠤᠨ ︽ᠦᠨᠡᠨ︾ ᠤ ᠲᠣᠭᠤᠷᠢᠨ ᠳᠤ ᠣᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | 01 ᠦᠨᠡᠨ ᠶᠣᠰᠣ ᠶᠢ ᠬᠥᠭᠡᠭᠡᠴᠡᠯᠳᠦᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ | ᠡᠯ᠎ᠡ ᠵᠠᠯᠠᠭᠤ ᠺᠠᠳ᠋ᠷᠴᠤᠳ ᠰᠤᠷᠤᠯᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠰᠤᠷᠤᠯᠴᠠᠬᠤ ᠴᠢᠳᠠᠪᠤᠷᠢ ᠪᠠᠨ ᠴᠢᠩᠭᠠᠳᠬᠠᠵᠤ᠂ ᠰᠤᠷᠤᠯᠴᠠᠬᠤ ᠠᠷᠭ᠎ᠠ ᠪᠠᠨ ᠰᠠᠶᠢᠵᠢᠷᠠᠭᠤᠯᠵᠤ᠂ ᠣᠨᠣᠯ ᠤᠨ | ᠰᠠᠭᠤᠷᠢ ᠪᠠᠨ ᠪᠠᠲᠤᠳᠬᠠᠬᠤ ᠬᠡᠷᠡᠭᠲᠡᠢ᠃ ᠤᠭ ᠵᠣᠬᠢᠶᠠᠯ ᠢ ᠤᠩᠰᠢᠵᠤ᠂ ᠤᠭ ᠵᠣᠬᠢᠶᠠᠯ ᠢ ᠰᠤᠷᠤᠯᠴᠠᠵᠤ᠂ ᠤᠭ | ᠶᠣᠰᠣ ᠶᠢ ᠣᠶᠢᠯᠠᠭᠠᠬᠤ ᠪᠠᠷ ᠪᠠᠷᠠᠬᠤ ᠦᠭᠡᠢ᠂ ᠨᠠᠮ ᠤᠨ ᠣᠨᠣᠯ ᠤᠨ ᠭᠤᠣᠯ ᠴᠢᠮᠥᠭᠡ ᠶᠢ ᠭᠦᠨᠵᠡᠭᠡᠢ | ᠣᠶᠢᠯᠠᠭᠠᠬᠤ ᠪᠠᠷ ᠪᠠᠷᠠᠬᠤ ᠦᠭᠡᠢ ᠪᠠᠰᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ | ᠣᠨᠣᠯ ᠤᠨ ᠮᠡᠳᠡᠯᠭᠡ ᠶᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ | ᠬᠤᠪᠢᠷᠠᠭᠤᠯᠬᠤ ᠬᠡᠷᠡᠭᠲᠡᠢ᠃ | 02 ᠴᠢᠩ ᠦᠨᠡᠨᠴᠢ ᠰᠡᠳᠬᠢᠯᠭᠡ ᠠᠭᠤᠰᠴᠤ᠂ ᠣᠯᠠᠨ ᠲᠦᠮᠡᠨ ᠲᠠᠢ ᠨᠢᠭᠲᠠ ᠬᠠᠷᠢᠯᠴᠠᠳᠠᠭ | ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠣᠯᠠᠨ ᠲᠦᠮᠡᠨ ᠤ ᠬᠠᠮᠤᠭ ᠤᠨ ᠦᠨᠡᠨ | ᠪᠣᠳᠠᠲᠠᠢ ᠰᠡᠳᠬᠢᠯ ᠤᠨ ᠦᠭᠡ ᠶᠢ ᠰᠣᠨᠣᠰᠴᠤ᠂ ᠣᠯᠠᠨ ᠲᠦᠮᠡᠨ ᠤ ᠬᠠᠮᠤᠭ ᠤᠨ ᠦᠨᠡᠨ ᠪᠣᠳᠠᠲᠠᠢ ᠠᠮᠢᠳᠤᠷᠠᠯ ᠢ | ᠣᠶᠢᠯᠠᠭᠠᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠳᠠᠭ᠎ᠠ ᠪᠦᠷᠢ ᠶᠢᠨ | ᠲᠣᠰᠬᠤᠨ ᠪᠠ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ ᠨᠠᠶᠢᠳᠠᠪᠤᠷᠢᠵᠢᠭᠤᠯᠵᠤ᠂ ᠣᠯᠠᠨ | ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠦᠨᠡᠨ ᠶᠣᠰᠣ ᠶᠢ | ᠦᠢᠯᠡᠳᠦᠯᠭᠡᠵᠢᠭᠦᠯᠵᠦ᠂ ᠰᠢ ᠳ᠋ᠧᠦ ᠫᠦ᠋ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠴᠠᠭ | ᠦᠶ᠎ᠡ ᠶᠢᠨ ᠵᠠᠯᠠᠭᠤ ᠺᠠᠳ᠋ᠷᠴᠤᠳ ᠤᠨ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠪᠢᠴᠢᠭᠯᠡᠬᠦ ᠬᠡᠷᠡᠭᠲᠡᠢ᠃ | 03 ᠬᠠᠲᠠᠭᠤᠵᠢᠨ ᠴᠠᠭᠠᠷᠠᠬᠤ | ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠺᠠᠳ᠋ᠷ ᠤᠨ ᠰᠤᠷᠤᠯᠴᠠᠬᠤ ᠳᠤᠮᠳᠠ | ᠠᠵᠢᠯᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠣᠯᠠᠨ ᠲᠦᠮᠡᠨ ᠤ ᠠᠵᠢᠯ᠂ | ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ | ᠬᠠᠮᠠᠭᠠᠯᠠᠬᠤ ᠵᠡᠷᠭᠡ ᠡᠮᠦᠨ᠎ᠡ ᠹᠷᠣᠨᠲ ᠲᠤ ᠬᠦᠷᠴᠦ ᠰᠠᠯᠬᠢ ᠪᠣᠷᠣᠭᠠᠨ ᠢ ᠲᠤᠭᠤᠯᠵᠤ᠂ ᠦᠢᠯᠡᠳᠦᠯᠭᠡ ᠶᠢᠨ ᠳᠤᠮᠳᠠ | ᠲᠤᠷᠰᠢᠯᠭ᠎ᠠ ᠬᠤᠷᠠᠮᠳᠤᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ︽ᠨᠢᠷᠤᠭᠤ ᠲᠤᠯᠭᠠᠭᠤᠷᠢ︾᠂ ︽ᠲᠡᠮᠦᠷ ᠮᠥᠷᠥ︾ ᠶᠢ ᠪᠣᠯᠪᠠᠰᠤᠷᠠᠭᠤᠯᠤᠨ᠎ᠠ᠃ | 04 ᠵᠣᠷᠢᠭᠲᠠᠢ ᠠᠵᠢᠯᠯᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠰᠢ ᠳ᠋ᠧᠦ ᠫᠦ᠋ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠯᠤᠰ ᠬᠡᠳᠦ ᠶᠢᠨ | ᠲᠥᠯᠥᠪᠵᠢᠭᠦᠯᠭᠡ ᠳᠤ ᠰᠠᠭᠤᠷᠢᠯᠠᠵᠤ᠂ ᠦᠷᠭᠦᠯᠵᠢ ᠥᠪᠡᠷ ᠢ ᠪᠠᠨ ᠲᠤᠩᠭᠠᠨ ᠪᠣᠳᠣᠯᠬᠢᠯᠠᠵᠤ᠄ ᠪᠢ ᠰᠢ ᠳ᠋ᠧᠦ ᠫᠦ᠋ | ᠪᠠᠯᠭᠠᠰᠤ ᠶᠢᠨ ᠬᠥᠭᠵᠢᠯᠲᠡ ᠳᠤ ᠸᠠᠭᠠᠷ ᠲᠣᠭᠤᠰᠬ᠎ᠠ ᠨᠡᠮᠡᠬᠦ ᠶᠠᠭᠤ ᠬᠢᠵᠦ ᠳᠡᠶᠢᠯᠬᠦ ᠪᠤᠢ︖ ᠠᠷᠠᠳ ᠤᠨ ᠬᠦᠴᠢᠷ | ᠵᠣᠪᠠᠯᠠᠩ ᠢ ᠰᠢᠢᠳᠪᠦᠷᠢᠯᠡᠬᠦ ᠳᠤ ᠶᠠᠭᠤ ᠬᠢᠵᠦ ᠴᠢᠳᠠᠬᠤ ᠪᠤᠢ︖ ᠡᠨᠡ ᠬᠦ ᠵᠠᠬ᠎ᠠ ᠬᠢᠵᠠᠭᠠᠷ ᠤᠨ ᠵᠢᠵᠢᠭ | ᠪᠠᠯᠭᠠᠰᠤᠨ ᠳᠤ ᠶᠠᠮᠠᠷ ᠶᠠᠮᠠᠷ ᠠᠯᠤᠰ ᠢᠷᠡᠭᠡᠳᠦᠢ ᠳᠤ ᠠᠰᠢᠭ ᠬᠦᠷᠲᠡᠭᠡᠬᠦ ᠬᠤᠪᠢᠷᠠᠯᠲᠠ ᠦᠯᠡᠳᠡᠭᠡᠬᠦ ᠪᠤᠢ︖ ᠬᠡᠬᠦ | ᠵᠡᠷᠭᠡ ᠲᠠᠯ᠎ᠠ ᠪᠠᠷ ᠪᠤᠳᠤᠯᠬᠢᠯᠠᠨ᠎ᠠ᠃ | 05 ᠠᠵᠢᠯ ᠤᠨ ᠪᠦᠲᠦᠮᠵᠢ ᠭᠠᠷᠭᠠᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ | ᠪᠣᠯᠭᠠᠬᠤ | ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠬᠦᠰᠡᠯᠡᠩ ᠲᠠᠢ ᠪᠠᠶᠢᠬᠤ ᠬᠡᠷᠡᠭᠲᠡᠢ᠂ ᠨᠡᠩ ᠴᠤ ᠪᠣᠳᠠᠲᠠᠢ | ᠠᠵᠢᠯᠯᠠᠬᠤ ᠬᠡᠷᠡᠭᠲᠡᠢ᠂ ᠠᠵᠢᠯ ᠬᠢᠵᠦ ᠳᠡᠶᠢᠯᠬᠦ ᠮᠥᠷᠲᠡᠭᠡᠨ ᠪᠠᠰᠠ ᠠᠵᠢᠯ ᠬᠢᠵᠦ ᠴᠢᠳᠠᠬᠤ ᠬᠡᠷᠡᠭᠲᠡᠢ᠂ ᠠᠵᠢᠯ ᠬᠢᠵᠦ | ᠪᠦᠳᠦᠭᠡᠬᠦ ᠬᠡᠷᠡᠭᠳᠡᠢ᠃ ᠨᠡᠷ᠎ᠡ ᠲᠦᠷᠦ ᠶᠢ ᠬᠦᠭᠡᠭᠡᠴᠡᠯᠳᠦᠵᠦ᠂ ᠵᠢᠳᠬᠦᠯ ᠭᠠᠷᠭᠠᠬᠤ ᠦᠭᠡᠢ ᠪᠠᠶᠢᠬᠤ ᠶᠢ ᠴᠢᠩᠭ᠎ᠠ | ᠴᠡᠭᠡᠷᠯᠡᠬᠦ ᠬᠡᠷᠡᠭᠲᠡᠢ᠃ ᠶᠡᠭᠡ ᠪᠠᠭ᠎ᠠ ᠭᠡᠰᠡᠨ ᠦᠭᠡᠢ ᠴᠥᠮ ᠠᠮᠵᠢᠯᠲᠠ ᠪᠦᠲᠦᠮᠵᠢ ᠭᠠᠷᠭᠠᠨ᠎ᠠ︔ ᠶᠠᠮᠠᠷᠴᠤ | ᠠᠵᠢᠯ ᠤᠨ ᠪᠠᠶᠢᠷᠢ ᠳᠤ ᠠᠳᠠᠯᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠭᠠᠭᠴᠠ ᠬᠦ ᠦᠨᠡᠨ ᠪᠣᠳᠠᠲᠠᠢ ᠬᠤᠪᠢ | ᠨᠡᠮᠡᠷᠢ ᠪᠠᠶᠢᠪᠠᠯ ᠰᠠᠶ᠋ᠢ ᠵᠢᠩᠬᠢᠨᠢ ᠢᠳᠡᠷᠡᠭᠦᠨ ᠠᠯᠬᠤᠭ᠎ᠠ ᠪᠠᠷ ᠤᠷᠤᠭᠰᠢᠯᠠᠵᠤ ᠴᠢᠳᠠᠨ᠎ᠠ᠃ | ᠳᠠᠷᠠᠭᠠᠴᠢ ᠶᠢᠨ ᠠᠯᠬᠤᠮ ᠳᠤ᠂ ᠰᠢ ᠳ᠋ᠧᠦ ᠫᠦ᠋ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠷᠭ᠎ᠠ | ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠦᠬᠦ | ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠡᠨᠴᠢ ᠰᠢᠳᠤᠷᠭᠤ | ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠦᠨᠳᠦᠰᠦᠨ ᠱᠠᠲᠤᠨ ᠤ | ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ | |