3 ᠰᠠᠷ᠎ᠠ ᠶᠢᠨ 17 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠰᠤᠷᠭᠠᠨ | ᠬᠥᠮᠦᠵᠢᠯ ᠤᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠲᠦᠮᠡᠨ ᠤ ᠰᠡᠳᠬᠢᠯ | ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ︾ ᠰᠡᠳᠦᠪ ᠤᠨ ᠲᠣᠭᠤᠷᠢᠨ ᠳᠤ | ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠲᠠᠢ ᠶᠠᠷᠢᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠳᠡᠭᠡᠳᠦ ᠱᠠᠲᠤᠨ ᠤ ᠰᠤᠷᠭᠠᠨ | ᠬᠥᠮᠦᠵᠢᠯ ᠤᠨ ᠠᠵᠢᠯ ᠤᠨ ᠲᠤᠬᠠᠢ ᠰᠢᠨ᠎ᠡ ᠲᠥᠷᠥ ᠶᠢᠨ ᠪᠣᠳᠣᠯᠭ᠎ᠠ ᠰᠢᠨ᠎ᠡ ᠱᠠᠭᠠᠷᠳᠠᠯᠭ᠎ᠠ ᠶᠢ ᠤᠯᠠᠮᠵᠢᠯᠠᠵᠤ᠂ 5 | ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠰᠤᠷᠭᠠᠨ ᠬᠥᠮᠦᠵᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠢ ᠭᠤᠣᠯᠳᠠᠯᠭ᠎ᠠ ᠲᠠᠢ ᠬᠠᠷᠢᠭᠤ ᠮᠡᠳᠡᠭᠦᠯᠦᠭᠰᠡᠨ ᠪᠥᠭᠡᠳ ᠬᠠᠨᠳᠤᠯᠭᠠᠲᠤ ᠴᠢᠨᠠᠷᠲᠠᠢ ᠪᠠᠷ ᠰᠠᠨᠠᠯ | ᠰᠠᠨᠠᠭᠤᠯᠭ᠎ᠠ ᠳᠤᠷᠠᠳᠴᠠᠢ᠃ ᠶᠣᠣ ᠵᠢᠶᠦ᠋ᠨ ᠵᠢᠶᠧ ᠰᠣᠨᠣᠰᠬᠤ ᠶᠢᠨ ᠳᠠᠭᠠᠤ ᠲᠡᠮᠳᠡᠭᠯᠡᠵᠦ᠂ ᠰᠤᠷᠤᠭᠴᠢ ᠡᠯᠰᠡᠬᠦ | ᠲᠥᠷᠥ ᠶᠢᠨ ᠪᠣᠳᠣᠯᠭ᠎ᠠ᠂ ᠰᠤᠷᠤᠭᠴᠢ ᠶᠢᠨ ᠢᠷᠡᠯᠲᠡ ᠶᠢ ᠦᠯᠡᠳᠡᠭᠡᠬᠦ ᠵᠡᠷᠭᠡ ᠠᠭᠤᠯᠭ᠎ᠠ ᠶᠢᠨ ᠲᠣᠭᠤᠷᠢᠨ ᠳᠤ | ᠣᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠶᠣᠣ ᠵᠢᠶᠦ᠋ᠨ ᠵᠢᠶᠧ ᠴᠢᠬᠤᠯᠠᠴᠢᠯᠠᠬᠤ ᠳᠠᠭᠠᠨ᠂ ᠬᠡᠦᠬᠡᠳ ᠢᠶᠠᠨ ᠦᠯᠡᠳᠡᠭᠡᠬᠦ ᠪᠣᠯ ᠭᠦᠶᠡᠩ ᠤᠨ ᠢᠷᠡᠭᠡᠳᠦᠢ ᠪᠠ | ᠬᠦᠰᠡᠯ ᠡᠷᠡᠮᠡᠯᠵᠡᠯ ᠢ ᠦᠯᠡᠳᠡᠭᠡᠵᠦ ᠪᠠᠶᠢᠭ᠎ᠠ ᠶᠠᠪᠤᠳᠠᠯ ᠮᠥᠨ᠂ ᠨᠢᠭᠡ ᠤᠯᠤᠰ ᠤᠨ ᠬᠥᠭᠵᠢᠯ ᠮᠠᠨᠳᠤᠯ ᠨᠢ ᠰᠤᠷᠭᠠᠨ | ᠬᠥᠮᠦᠵᠢᠯ ᠠᠴᠠ ᠰᠠᠯᠵᠤ ᠴᠢᠳᠠᠬᠤ ᠦᠭᠡᠢ᠂ ᠨᠢᠭᠡ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠨᠢ | ᠰᠤᠷᠭᠠᠨ ᠬᠥᠮᠦᠵᠢᠯ ᠠᠴᠠ ᠰᠠᠯᠵᠤ ᠴᠢᠳᠠᠬᠤ ᠦᠭᠡᠢ᠂ ᠨᠢᠭᠡ ᠭᠡᠷ ᠪᠦᠯᠢ ᠶᠢᠨ ᠬᠦᠰᠡᠯ ᠡᠷᠡᠮᠡᠯᠵᠡᠯ ᠨᠢ ᠰᠤᠷᠭᠠᠨ | ᠬᠥᠮᠦᠵᠢᠯ ᠠᠴᠠ ᠨᠠᠩ ᠰᠠᠯᠵᠤ ᠴᠢᠳᠠᠬᠤ ᠦᠭᠡᠢ ᠶᠤᠮ᠃ ᠣᠳᠣᠬᠠᠨ ᠤ ᠭᠦᠶᠡᠩ ᠰᠢᠶᠠᠨ ᠤ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠤᠰᠤᠳ ᠭᠠᠵᠠᠷ | ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠷᠤᠯᠴᠠᠨ ᠲᠣᠯᠢᠳᠠᠵᠤ᠂ ᠪᠣᠳᠠᠲᠠᠢ ᠶᠢ | ᠡᠷᠬᠢᠮᠯᠡᠭᠰᠡᠨ ᠲᠤᠰᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠣᠯᠠᠨ | ᠬᠥᠮᠦᠰ ᠲᠤ ᠭᠦᠶᠡᠩ ᠤᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠃ ᠰᠢᠶᠠᠨ ᠤ ᠬᠡᠪᠴᠢᠶᠡᠨ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ ᠤᠨ | ᠥᠨᠳᠦᠷᠯᠢᠭ ᠢ ᠴᠣᠭᠴᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠳᠡᠭᠡᠳᠦ | ᠱᠠᠲᠤᠨ ᠤ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠭᠦᠶᠡᠩ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠤᠷᠤᠭᠤᠯ ᠰᠢᠳᠦᠨ ᠤ ᠬᠠᠷᠢᠴᠠᠭ᠎ᠠ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠡᠯ᠎ᠡ ᠳᠤᠮᠳᠠᠳᠤ ᠪᠠᠭ᠎ᠠ | ᠰᠤᠷᠭᠠᠭᠤᠯᠢ ᠡᠷᠬᠡᠪᠰᠢ ᠨᠢᠭᠲᠠ ᠬᠠᠮᠵᠢᠯᠴᠠᠵᠤ᠂ ᠰᠤᠷᠭᠠᠨ ᠬᠥᠮᠦᠵᠢᠯ ᠤᠨ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠵᠦ᠂ ᠪᠥᠬᠦ ᠰᠢᠶᠠᠨ ᠤ ᠰᠤᠷᠭᠠᠨ ᠬᠥᠮᠦᠵᠢᠯ ᠤᠨ ᠵᠣᠬᠢᠴᠠᠩᠭᠤᠢ ᠬᠤᠯᠪᠣᠯᠳᠤᠯ ᠪᠠ ᠪᠦᠬᠦ ᠲᠠᠯ᠎ᠠ ᠶᠢᠨ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠰᠢᠶᠠᠨ ᠤ ᠤᠳᠤᠷᠢᠳᠤᠯᠭ᠎ᠠ ᠭᠦᠸᠧ ᠵᠢᠶᠠᠨ ᠭᠤᠸᠠᠩ᠂ ᠯᠢ ᠷᠦᠢ᠂ ᠱᠧᠨ ᠢᠦᠢ ᠴᠢᠦ ᠶᠠᠷᠢᠯᠴᠠᠬᠤ ᠬᠤᠷᠠᠯ ᠳᠤ | ᠣᠷᠣᠯᠴᠠᠪᠠ᠃ | |