ᠭᠦᠶᠡᠩ ᠰᠢᠶᠠᠨ᠂ ᠭᠤᠷᠪᠠᠨ ᠤᠮᠠᠷᠠᠳᠤ ᠢᠨᠵᠧᠨᠧᠷᠢᠩ ᠤᠨ ᠭᠦᠶᠡᠩ ᠤᠨ ᠡᠯᠡᠰᠦ ᠶᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/3/18
    3 ᠰᠠᠷ᠎ᠠ ᠶᠢᠨ 16 ᠤ ᠡᠳᠦᠷ᠂ ᠰᠢᠶᠠᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠵᠢᠴᠢ 25 ᠣᠶᠢᠵᠢᠭᠤᠯᠵᠤ ᠨᠣᠭᠤᠭᠠᠷᠠᠭᠤᠯᠬᠤ ᠺᠣᠮᠫᠠᠨᠢ 200 ᠭᠠᠷᠤᠢ ᠬᠥᠮᠦᠨ ᠢ ᠵᠣᠬᠢᠶᠠᠨ ᠪᠠᠶᠢᠭᠤᠯᠵᠤ᠂ ᠭᠦᠶᠡᠩ ᠰᠢᠶᠠᠨ ᠤ ᠤᠯᠤᠰ ᠤᠨ ᠣᠢ ᠰᠢᠭᠤᠢ ᠶᠢᠨ ᠲᠠᠯᠠᠪᠠᠢ ᠶᠢᠨ 2 ᠣᠢ ᠰᠢᠭᠤᠢ ᠶᠢᠨ ᠪᠠᠭ᠂ ᠵᠢᠨᠱᠠᠨ ᠪᠠᠯᠭᠠᠰᠤ ᠶᠢᠨ ᠳ᠋ᠦᠩᠱᠧᠩ ᠶᠥᠩ ᠲᠣᠰᠬᠤᠨ ᠤ ᠨᠠᠮ ᠤᠨ ᠬᠤᠷᠢᠶ᠎ᠠ ᠶᠢᠨ ᠾᠧ ᠾᠧ ᠮᠢᠩ ᠲᠣᠰᠬᠤᠨ ᠪᠣᠯᠤᠨ ᠬᠤᠩ ᠶᠠ ᠸᠠᠨ ᠲᠣᠰᠬᠤᠨ ᠤ ᠨᠠᠮ ᠤᠨ ᠬᠤᠷᠢᠶ᠎ᠠ ᠶᠢᠨ ᠶᠠᠩᠴᠠᠩ ᠪᠦᠸᠧ ᠽᠢ ᠲᠣᠰᠬᠤᠨ ᠳᠤ ᠭᠤᠷᠪᠠᠨ ᠤᠮᠠᠷᠠᠳᠤ ᠶᠢᠨ ᠢᠨᠵᠧᠨᠧᠷᠢᠩ ᠤᠨ ᠠᠵᠢᠯ ᠢᠶᠠᠨ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠵᠢᠩᠬᠢᠨᠢ ᠪᠠᠷ ᠡᠬᠢᠯᠡᠭᠦᠯᠪᠡ᠃    2023 ᠣᠨ ᠳᠤ᠂ ᠪᠤᠭᠤᠲᠤ ᠬᠤᠲᠠ ᠶᠢᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠢᠶᠠᠷ ᠤᠳᠤᠷᠢᠳᠤᠮᠵᠢ ᠪᠣᠯᠭᠠᠭᠰᠠᠨ ︽ᠪᠤᠭᠤᠲᠤ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠳᠤ ᠰᠢᠰᠲ᠋ᠧᠮᠲᠦ ᠦᠵᠡᠯᠲᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠦᠬᠦ ᠬᠤᠲᠠ ᠶᠢᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ᠨᠢᠭᠡ ᠣᠷᠣᠨ ᠨᠢᠭᠡ ᠪᠣᠳᠣᠯᠭ᠎ᠠ︾ ᠶᠢ ᠪᠠᠷᠢᠮᠲᠠᠯᠠᠨ᠂ ᠭᠦᠶᠡᠩ ᠰᠢᠶᠠᠨ ᠤ ᠪᠥᠬᠦ ᠬᠢᠯᠢ ᠶᠢ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠭᠦᠶᠡᠩ ᠰᠢᠶᠠᠨ ᠤ ᠭᠠᠵᠠᠷ ᠣᠷᠣᠨ ᠤ ᠠᠮᠢ ᠠᠬᠤᠢ ᠲᠦᠢᠯ ᠤᠨ ᠬᠡᠪᠡᠷᠡᠭ ᠪᠠᠶᠢᠵᠤ᠂ ᠠᠷᠪᠠᠨ ᠵᠢᠯ ᠳᠤ ᠶᠢᠰᠦᠨ ᠭᠠᠩ ᠬᠠᠭᠰᠠᠷᠠᠭᠠᠨ᠂ ᠵᠢᠯ ᠵᠢᠯ ᠤᠨ ᠬᠠᠪᠤᠷ ᠤᠨ ᠬᠠᠭᠰᠠᠷᠠᠭᠠᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠨᠢᠭᠡᠨ ᠤᠷᠲᠤ ᠬᠤᠭᠤᠴᠠᠭᠠᠨ ᠤ ᠪᠡᠷᠬᠡ ᠬᠠᠲᠠᠭᠤᠵᠢᠯᠲᠠᠢ ᠲᠡᠦᠬᠡᠨ ᠡᠭᠦᠷᠭᠡ ᠮᠥᠨ᠂ 2025 ᠣᠨ ᠳᠤ 14 ᠲᠦᠮᠡᠨ ᠮᠦ ᠲᠠᠴᠢᠷᠳᠠᠭᠰᠠᠨ ᠣᠢ ᠶᠢ ᠰᠡᠷᠭᠦᠭᠡᠬᠦ᠂ 127.5 ᠲᠦᠮᠡᠨ ᠮᠦ ᠤᠷᠲᠤᠳᠬᠠᠭᠰᠠᠨ ᠣᠢ ᠰᠢᠭᠤᠢ ᠶᠢ ᠰᠡᠷᠭᠦᠭᠡᠬᠦ᠂ 0.1 ᠲᠦᠮᠡᠨ ᠮᠦ ᠬᠥᠮᠦᠨ ᠤ ᠬᠦᠴᠦ ᠪᠠᠷ ᠡᠪᠡᠰᠦ ᠲᠠᠷᠢᠬᠤ ᠪᠠ 3.15 ᠲᠦᠮᠡᠨ ᠮᠦ ᠣᠢ ᠰᠢᠭᠤᠢ ᠡᠪᠡᠰᠦ ᠴᠢᠭᠢᠭᠯᠢᠭ ᠠᠲᠠᠷ ᠭᠠᠵᠠᠷ ᠢ ᠬᠠᠮᠠᠭᠠᠯᠠᠨ ᠰᠡᠷᠭᠦᠭᠡᠬᠦ ᠵᠡᠷᠭᠡ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠲᠥᠷᠥᠯ ᠵᠦᠢᠯ ᠤᠨ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠠᠳᠬᠤᠵᠤ᠂ ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠪᠠᠷᠢᠯᠭ᠎ᠠ ᠳᠠᠭᠤᠰᠬᠠᠬᠤ︾ ᠦᠷᠭᠦᠯᠵᠢᠯᠡᠨ ᠪᠦᠲᠦᠭᠡᠨ ᠪᠠᠶᠢᠭᠤᠯᠬᠤ ᠲᠣᠭᠲᠠᠴᠠ ᠶᠢ ᠪᠣᠢ ᠪᠣᠯᠭᠠᠵᠤ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠦᠷ᠎ᠡ ᠴᠢᠬᠢ ᠬᠡᠷᠡᠭᠯᠡᠬᠦ ᠶᠢ ᠪᠠᠲᠤᠯᠠᠬᠤ ᠵᠡᠷᠭᠡ ᠲᠠᠯ᠎ᠠ ᠪᠠᠷ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠰᠢᠶᠠᠨ ᠤ ᠬᠢᠯᠢ ᠳᠣᠲᠣᠷᠠᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠰᠢᠰᠲ᠋ᠧᠮ ᠲᠠᠢ ᠵᠠᠰᠠᠬᠤ ᠶᠢ ᠦᠨᠡᠨ ᠬᠦ ᠪᠠᠲᠤᠯᠠᠨ᠎ᠠ᠃    ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠴᠢᠨᠠᠷ ᠰᠠᠶᠢᠲᠠᠢ ᠣᠯᠬᠤ ᠶᠢᠨ ᠲᠥᠯᠥᠭᠡ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠮᠣᠳᠣ ᠲᠠᠷᠢᠵᠤ ᠤᠰᠤ ᠳᠤᠲᠠᠭᠳᠠᠵᠤ ᠪᠠᠶᠢᠭ᠎ᠠ ᠵᠠᠩᠭᠢᠯᠠᠭ᠎ᠠ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠥᠯᠥᠭᠡ᠂ ᠭᠦᠶᠡᠩ ᠰᠢᠶᠠᠨ ᠤ ᠤᠯᠤᠰ ᠤᠨ ᠣᠢ ᠰᠢᠭᠤᠢ ᠶᠢᠨ ᠲᠠᠯᠠᠪᠠᠢ ᠪᠣᠯᠤᠨ ᠶᠦᠨ ᠲᠠᠢ ᠵᠦᠡᠭ ᠶᠧ ᠬᠤᠯᠪᠣᠭᠠᠯᠠᠨ ᠰᠤᠳᠤᠯᠤᠨ ᠨᠡᠭᠡᠭᠡᠭᠰᠡᠨ ︽ᠤᠰᠤ ᠠᠷᠪᠢᠯᠠᠬᠤ ᠴᠠᠷᠳᠠᠮᠠᠯ ᠪᠣᠷᠳᠣᠭᠤᠷ︾ ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠲᠠᠢ ᠪᠣᠯᠪᠠ᠃ 2024 ᠣᠨ ᠤ ᠲᠠᠷᠢᠶᠠᠨ ᠭᠠᠵᠠᠷ ᠤᠨ ᠲᠤᠷᠰᠢᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠪᠣᠷᠳᠣᠭᠤᠷ ᠣᠷᠣᠭᠤᠯᠬᠤ ᠬᠡᠯᠪᠡᠷᠢ ᠶᠢᠨ ᠰᠠᠭᠤᠷᠢ ᠨᠢ ᠪᠣᠷᠳᠣᠭᠤᠷ ᠣᠷᠣᠭᠤᠯᠤᠭᠰᠠᠨ ᠦᠭᠡᠢ ᠰᠠᠭᠤᠷᠢ ᠶᠢᠨ ᠤᠰᠤᠨ ᠤ ᠠᠭᠤᠯᠤᠭᠳᠠᠴᠠ ᠴᠥᠮ 5%᠂ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ 0.4-0.5mg/g ᠪᠠᠶᠢᠵᠤ᠂ ᠣᠢ ᠮᠣᠳᠣᠨ ᠤ ᠲᠦᠢᠯ ᠤᠨ ᠭᠠᠩ ᠬᠠᠭᠰᠠᠷᠠᠭᠠᠨ ᠤ ᠨᠥᠬᠦᠴᠡᠯ ᠳᠣᠣᠷᠠᠬᠢ ᠡᠳᠡᠭᠡᠷᠡᠯᠲᠡ ᠶᠢᠨ ᠨᠣᠷᠮ᠎ᠠ 85% ᠶᠢᠨ ᠪᠣᠭᠤᠮᠲᠠ ᠶᠢ ᠳᠠᠪᠠᠵᠠᠢ᠃ ᠣᠳᠣᠬᠠᠨ ᠳᠤ ᠲᠤᠰ ᠮᠡᠷᠭᠡᠵᠢᠯ ᠨᠢᠭᠡᠨᠲᠡ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠤᠨ ᠮᠥᠨ ᠴᠢᠨᠠᠷ ᠤᠨ ᠬᠢᠨᠠᠨ ᠪᠠᠶᠢᠴᠠᠭᠠᠯᠲᠠ ᠶᠢᠨ ᠱᠠᠲᠤᠨ ᠳᠤ ᠣᠷᠣᠪᠠ᠃    ᠪᠣᠬᠢᠷᠲᠤᠯ ᠦᠭᠡᠢ ᠠᠵᠤ ᠦᠢᠯᠡᠰ ᠤᠨ ᠢᠷᠡᠯᠲᠡ ᠲᠠᠰᠤᠷᠠᠯᠲᠠ ᠦᠭᠡᠢ᠃ ᠭᠦᠶᠡᠩ ᠰᠢᠶᠠᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠠᠴᠠ ᠪᠣᠯᠤᠭᠰᠠᠨ ᠲᠡᠵᠢᠭᠡᠯ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠳᠠᠷᠤᠯᠲᠠ ᠶᠢ ᠨᠠᠮᠳᠠᠭᠤᠯᠵᠤ᠂ ᠭᠤᠷᠪᠠᠨ ᠤᠮᠠᠷᠠᠳᠤ ᠶᠢᠨ ᠢᠨᠵᠧᠨᠧᠷᠢᠩ ᠤᠨ ᠪᠤᠲᠠ ᠮᠣᠳᠣᠨ ᠤ ᠣᠢ ᠶᠢᠨ ᠭᠤᠤᠷᠰᠤᠨ ᠤ ᠦᠯᠡᠳᠡᠪᠦᠷᠢ ᠪᠣᠳᠠᠰ ᠢ ᠭᠦᠢᠴᠡᠳ ᠠᠰᠢᠭᠯᠠᠬᠤ ᠶᠢᠨ ᠲᠥᠯᠥᠭᠡ᠂ ᠬᠤᠸᠠᠢ ᠱᠦᠸᠧ ᠪᠠᠯᠭᠠᠰᠤ᠂ ᠶᠢᠨ ᠬᠤᠤ ᠪᠠᠯᠭᠠᠰᠤ᠂ ᠵᠢᠨᠱᠠᠨ ᠪᠠᠯᠭᠠᠰᠤ ᠵᠡᠷᠭᠡ 3 ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠬᠠᠪᠰᠤᠷᠤᠨ ᠲᠡᠳᠬᠦᠵᠦ ᠪᠠᠶᠢᠭᠠᠳ ᠬᠠᠷᠭᠠᠨ᠎ᠠ ᠶᠢᠨ ᠲᠡᠵᠢᠭᠡᠯ ᠡᠪᠡᠰᠦ ᠪᠣᠷᠳᠤᠭ᠎ᠠ ᠪᠣᠯᠪᠠᠰᠤᠷᠠᠭᠤᠯᠵᠤ᠂ 2025 ᠣᠨ ᠳᠤ ᠵᠢᠱᠢᠯᠲᠡ ᠪᠠᠷ 1 ᠲᠦᠮᠡᠨ ᠲᠣᠨ ᠦᠢᠯᠡᠳᠪᠦᠷᠢᠯᠡᠨ᠎ᠡ᠃ ᠡᠭᠦᠨ ᠤ ᠬᠠᠮᠲᠤ᠂ ᠭᠦᠶᠡᠩ ᠰᠢᠶᠠᠨ ᠤ ᠤᠯᠤᠰ ᠤᠨ ᠣᠢ ᠰᠢᠭᠤᠢ ᠶᠢᠨ ᠲᠠᠯᠠᠪᠠᠢ ᠳᠤ ᠣᠢ ᠰᠢᠭᠤᠢ ᠶᠢᠨ ᠪᠠᠺᠲ᠋ᠧᠷᠢ᠂ ᠣᠢ ᠰᠢᠭᠤᠢ ᠶᠢᠨ ᠡᠮ ᠤᠨ ᠲᠠᠷᠢᠮᠠᠯ ᠢ ᠲᠤᠷᠰᠢᠨ ᠳᠡᠯᠭᠡᠷᠡᠭᠦᠯᠵᠦ᠂ ᠤᠯᠤᠰ ᠤᠨ ᠥᠮᠴᠢᠯᠡᠯ ᠤᠨ ᠣᠢ ᠰᠢᠭᠤᠢ ᠶᠢᠨ ᠲᠠᠯᠠᠪᠠᠢ ᠶᠢᠨ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠬᠢᠯᠪᠠᠷ ᠪᠤᠰᠤ ᠪᠠᠷ ᠣᠯᠤᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠪᠠᠷ ᠲᠥᠯᠥᠪᠵᠢᠭᠦᠯᠪᠡ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号