︽ᠭᠦᠶᠡᠩ ᠰᠢᠶᠠᠨ ᠤ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/18
     ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ︽2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠵᠦᠢᠯᠡᠰ ᠢ ᠮᠡᠳᠡᠭᠦᠯᠦᠨ ᠬᠦᠷᠭᠡᠬᠦ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠥᠪᠰᠢᠶᠡᠷᠡᠵᠦ᠂ ᠡᠳᠦᠭᠡ ︽ᠭᠦᠶᠡᠩ ᠰᠢᠶᠠᠨ ᠤ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠲᠠ ᠨᠠᠷ ᠲᠤ ᠳᠠᠷᠤᠮᠠᠯᠯᠠᠨ ᠲᠠᠷᠬᠠᠭᠠᠵᠤ᠂ ᠨᠠᠷᠢᠨ ᠲᠠᠩᠰᠠ ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠡᠷᠬᠡᠪᠰᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠤᠰᠬᠠᠵᠤ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠣᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠶᠢᠨ ᠬᠠᠮᠲᠤ ᠴᠠᠭ ᠲᠤᠨᠢ ᠳᠣᠭᠢᠷᠠᠭᠤᠯᠤᠨ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃    ᠳᠠᠭᠠᠯᠳᠤᠭᠤᠯᠤᠯ᠄ ︽ᠭᠦᠶᠡᠩ ᠰᠢᠶᠠᠨ ᠤ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾               ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                   2025 ᠣᠨ ᠤ 2 ᠰᠠᠷ᠎ᠠ ᠶᠢᠨ 25 ᠤ ᠡᠳᠦᠷ

 

 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号