ᠣᠶᠢᠷ᠎ᠠ ᠳᠤ ᠭᠦᠶᠡᠩ ᠰᠢᠶᠠᠨ ᠤ ᠲᠠᠷᠠᠬᠠᠢ ᠪᠤᠳᠠᠷᠬᠠᠢ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ ᠠᠵᠢᠯᠴᠢᠨ | ᠤ ᠡᠪᠯᠡᠯ ᠤᠨ ᠵᠥᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠂ ᠮᠥᠨ ᠴᠦ ᠪᠤᠭᠤᠲᠤ ᠬᠤᠲᠠ ᠶᠢᠨ ᠠᠩᠬᠠᠳᠠᠭᠴᠢ | ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯᠴᠢᠨ ᠤ ᠡᠪᠯᠡᠯ ᠤᠨ ᠵᠥᠪᠯᠡᠯ ᠪᠣᠯᠤᠨ᠎ᠠ᠃ | ︽ᠠᠵᠢᠯᠴᠢᠨ ᠤ ᠡᠪᠯᠡᠯ ᠪᠠᠶᠢᠭᠤᠯᠤᠭᠰᠠᠨ ᠤ ᠳᠠᠷᠠᠭ᠎ᠠ᠂ ᠪᠢᠳᠡ ᠳᠠᠬᠢᠭᠠᠳ ︿ᠭᠠᠭᠴᠠᠭᠠᠷ ᠲᠡᠮᠡᠴᠡᠬᠦ﹀ ᠲᠠᠷᠠᠬᠠᠢ | ᠪᠤᠲᠠᠷᠬᠠᠢ ᠬᠥᠮᠦᠰ ᠪᠢᠰᠢ᠂ ᠬᠤᠵᠢᠮ ᠪᠠᠰᠠ ᠵᠣᠬᠢᠶᠠᠨ ᠪᠠᠶᠢᠭᠤᠯᠤᠯᠲᠠ ᠲᠠᠢ ᠬᠥᠮᠦᠨ ᠪᠣᠯᠴᠢᠬᠠᠨ᠎ᠠ᠃︾ | ᠠᠮᠢᠳᠤᠯᠢᠭ ᠢᠶᠠᠷ ᠠᠵᠢᠯ ᠤᠯᠤᠭᠰᠠᠨ ᠵᠠᠩ ᠭᠤᠸᠠᠢ ᠢᠯᠡᠳᠬᠡᠵᠡᠢ᠃ ᠡᠳᠦᠷ ᠤᠨ ᠬᠦᠴᠦᠨ ᠤ ᠵᠠᠬ᠎ᠠ ᠳᠡᠯᠭᠡᠭᠦᠷ ᠪᠣᠯ | ᠪᠥᠬᠦ ᠰᠢᠶᠠᠨ ᠤ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠴᠢᠬᠤᠯᠠ | ᠠᠴᠢᠶᠠᠯᠠᠪᠤᠷᠢ ᠮᠥᠨ᠂ ᠲᠤᠰ ᠠᠵᠢᠯᠴᠢᠨ ᠤ ᠡᠪᠯᠡᠯ ᠪᠠᠶᠢᠭᠤᠯᠤᠭᠳᠠᠭᠰᠠᠨ ᠨᠢ ᠨᠡᠩ ᠴᠤ ᠪᠥᠬᠦ ᠰᠢᠶᠠᠨ ᠤ ᠲᠠᠷᠠᠬᠠᠢ | ᠪᠤᠲᠠᠷᠬᠠᠢ ᠬᠥᠯᠥᠰᠥᠨ ᠠᠵᠢᠯ ᠬᠢᠭᠰᠡᠳ ᠲᠤ ᠪᠠᠳᠤᠯᠭ᠎ᠠ ᠥᠭᠴᠦ᠂ ᠭᠦᠶᠡᠩ ᠰᠢᠶᠠᠨ ᠤ ᠠᠵᠢᠯ ᠣᠯᠭᠤᠯᠲᠠ ᠶᠢᠨ | ᠪᠠᠶᠢᠳᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠪᠠᠶᠢᠨ᠎ᠠ᠃ | ᠣᠶᠢᠷ᠎ᠠ ᠶᠢᠨ ᠬᠡᠳᠦᠨ ᠵᠢᠯ ᠳᠤ᠂ ᠥᠷᠭᠡᠨ ᠣᠯᠠᠨ ᠲᠦᠮᠡᠨ ᠢ ᠳᠠᠬᠢᠵᠤ ︽ᠥᠷᠲᠡᠭᠡᠨ ᠳᠤ ᠵᠣᠭᠰᠣᠬᠤ︾ ᠦᠭᠡᠢ | ᠪᠣᠯᠭᠠᠵᠤ᠂ ᠡᠳᠦᠷ ᠤᠨ ᠠᠵᠢᠯᠴᠢᠨ ᠤ ᠠᠵᠢᠯ ᠣᠯᠭᠤᠯᠲᠠ ᠶᠢ ᠨᠠᠩ ᠬᠠᠯᠠᠭᠤᠨ ᠳᠤᠯᠠᠭᠠᠨ ᠪᠣᠯᠭᠠᠵᠤ᠂ ᠭᠦᠶᠡᠩ | ᠰᠢᠶᠠᠨ ᠡᠳᠦᠷ ᠤᠨ ᠠᠵᠢᠯᠴᠢᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠶᠢᠨ ᠲᠥᠯᠥᠭᠡ᠂ ᠠᠵᠢᠯᠴᠢᠨ ᠤ ᠡᠪᠯᠡᠯ ᠪᠠᠶᠢᠭᠤᠯᠤᠭᠳᠠᠭᠠᠳ᠂ ᠨᠡᠩ ᠣᠯᠠᠨ ᠰᠤᠯᠠ | ᠵᠠᠳᠠᠭᠠᠢ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠪᠠᠲᠤᠯᠠᠪᠠ᠃ | ᠡᠳᠦᠷ ᠤᠨ ᠠᠵᠢᠯᠴᠢᠨ ᠤ ᠵᠠᠬ᠎ᠠ ᠳᠡᠯᠭᠡᠭᠦᠷ ᠤᠨ ᠠᠵᠢᠯᠴᠢᠨ ᠤ ᠡᠪᠯᠡᠯ ᠤᠨ ᠵᠥᠪᠯᠡᠯ ᠪᠦᠬᠦ ᠲᠠᠯ᠎ᠠ ᠶᠢᠨ | ᠦᠢᠯᠡᠴᠢᠯᠡᠭᠡ ᠶᠢᠨ ᠪᠠᠲᠤᠯᠭ᠎ᠠ ᠬᠠᠩᠭᠠᠨ᠎ᠠ᠃ ᠠᠵᠢᠯ ᠣᠯᠭᠤᠬᠤ ᠦᠢᠯᠡᠴᠢᠯᠡᠭᠡᠨ ᠤ ᠲᠠᠯ᠎ᠠ ᠪᠠᠷ᠂ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠨᠡᠩ ᠣᠯᠠᠨ ᠠᠵᠤ | ᠠᠬᠤᠶᠢᠯᠠᠯ ᠪᠣᠯᠤᠨ ᠬᠥᠮᠦᠨ ᠬᠡᠷᠡᠭᠯᠡᠬᠦ ᠨᠢᠭᠡᠴᠡ ᠯᠦᠭᠡ ᠬᠠᠷᠢᠴᠠᠭ᠎ᠠ ᠪᠠᠶᠢᠭᠤᠯᠤᠨ᠂ ᠠᠵᠢᠯᠴᠢᠨ ᠬᠡᠷᠡᠭᠯᠡᠬᠦ ᠮᠡᠳᠡᠭᠡ | ᠵᠠᠩᠭᠢ ᠶᠢ ᠥᠷᠭᠡᠨ ᠢᠶᠠᠷ ᠴᠤᠭᠯᠠᠭᠤᠯᠵᠤ᠂ ᠡᠳᠦᠷ ᠤᠨ ᠬᠦᠴᠦ ᠶᠠᠪᠤᠭᠰᠠᠳ ᠲᠤ ᠨᠡᠩ ᠣᠯᠠᠨ ᠠᠵᠢᠯ ᠣᠯᠭᠤᠬᠤ | ᠲᠣᠬᠢᠶᠠᠯ ᠬᠠᠩᠭᠠᠬᠤ ᠬᠡᠷᠡᠭᠲᠡᠢ᠃ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ᠂ ᠰᠤᠯᠠ ᠠᠵᠢᠯᠲᠠᠳ ᠴᠠᠯᠢᠩ ᠥᠷᠢᠲᠦᠬᠦ | ᠂ ᠬᠥᠳᠡᠯᠮᠦᠷᠢ ᠶᠢᠨ ᠵᠢᠭᠤᠷᠠᠯᠳᠤᠭᠠᠨ ᠵᠡᠷᠭᠡ ᠠᠰᠠᠭᠤᠳᠠᠯ ᠳᠤ ᠲᠤᠯᠭᠠᠷᠠᠬᠤ ᠦᠶ᠎ᠡ ᠳᠤ᠂ ᠠᠵᠢᠯᠴᠢᠨ ᠤ ᠡᠪᠯᠡᠯ | ᠢᠳᠡᠪᠬᠢᠲᠡᠢ ᠣᠷᠣᠯᠴᠠᠵᠤ᠂ ᠭᠦᠶᠡᠩ ᠰᠢᠶᠠᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ | ᠭᠤᠷᠪᠠᠨ ᠲᠠᠯ᠎ᠠ ᠶᠢᠨ ᠬᠠᠮᠲᠤᠷᠠᠭᠰᠠᠨ ᠡᠶᠡᠳᠡᠭᠦᠯᠬᠦ ᠲᠥᠪ ᠢ ᠬᠡᠷᠡᠭᠯᠡᠵᠦ᠂ ᠵᠥᠪᠳᠡᠯᠴᠡᠬᠦ᠂ ᠡᠶᠡᠳᠡᠭᠦᠯᠬᠦ ᠪᠠᠷ ᠳᠠᠮᠵᠢᠨ᠂ | ᠰᠤᠯᠠ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠳᠦᠷ ᠤᠨ ᠬᠦᠴᠦᠨ ᠤ | ᠠᠵᠢᠯᠴᠢᠨ ᠳᠤ ᠪᠠᠲᠤ ᠪᠠᠬᠢ ᠥᠮᠥᠭ ᠲᠦᠰᠢᠭ ᠪᠣᠯᠬᠤ ᠪᠣᠯᠤᠨ᠎ᠠ᠃ ᠡᠭᠦᠨ ᠠᠴᠠ ᠭᠠᠳᠠᠨ᠎ᠠ᠂ ᠡᠳᠦᠷ ᠤᠨ | ᠬᠦᠴᠦᠨ ᠤ ᠵᠠᠬ᠎ᠠ ᠳᠡᠯᠭᠡᠭᠦᠷ ᠤᠨ ᠠᠵᠢᠯᠴᠢᠨ ᠤ ᠡᠪᠯᠡᠯ ᠤᠨ ᠵᠥᠪᠯᠡᠯ ᠨᠢ ᠪᠠᠰᠠ ᠠᠷᠰᠠᠷ ᠠᠵᠢᠯᠴᠢᠨ ᠤ ᠡᠪᠯᠡᠯ ᠤᠨ | ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ᠂ ᠬᠠᠯᠠᠮᠵᠢᠯᠠᠨ ᠬᠠᠶᠢᠷᠠᠯᠠᠵᠤ ᠲᠣᠬᠤᠨᠢᠭᠤᠯᠬᠤ ᠠᠵᠢᠯᠯᠠᠭ᠎ᠠ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠥᠷᠨᠢᠭᠦᠯᠵᠦ᠂ ᠡᠳᠦᠷ ᠤᠨ ᠬᠦᠴᠦ ᠬᠥᠳᠡᠯᠮᠦᠷᠢᠴᠢᠳ ᠤᠨ ᠰᠢᠷᠭᠠᠭᠤ ᠬᠠᠲᠠᠭᠤᠵᠢᠯᠲᠠᠢ | ᠠᠵᠢᠯᠯᠠᠬᠤ ᠶᠢᠨ ᠬᠠᠮᠲᠤ ᠠᠵᠢᠯᠴᠢᠨ ᠤ ᠡᠪᠯᠡᠯ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂ | ᠲᠡᠳᠡᠨ ᠤ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ᠃ | ᠭᠦᠶᠡᠩ ᠰᠢᠶᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠠᠵᠢᠯᠴᠢᠨ ᠤ ᠡᠪᠯᠡᠯ ᠤᠨ ᠵᠥᠪᠯᠡᠯ | ᠪᠠᠶᠢᠭᠤᠯᠤᠭᠳᠠᠭᠰᠠᠨ ᠨᠢ ᠭᠦᠶᠡᠩ ᠰᠢᠶᠠᠨ ᠤ ᠡᠳᠦᠷ ᠤᠨ ᠬᠦᠴᠦᠨ ᠤ ᠬᠥᠮᠦᠰ ᠲᠤ ᠦᠢᠯᠡᠴᠢᠯᠡᠬᠦ᠂ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠲᠠᠯ᠎ᠠ ᠪᠠᠷ ᠪᠠᠲᠤ ᠪᠠᠬᠢ ᠨᠢᠭᠡ ᠠᠯᠬᠤᠮ ᠢ | ᠠᠯᠬᠤᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ᠂ ᠭᠦᠶᠡᠩ ᠰᠢᠶᠠᠨ ᠡᠳᠦᠷ ᠤᠨ ᠠᠵᠢᠯᠴᠢᠨ ᠤ | ᠬᠠᠮᠲᠤᠯᠢᠭ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ | ᠠᠵᠢᠯᠴᠢᠨ ᠤ ᠡᠪᠯᠡᠯ ᠤᠨ ᠵᠥᠪᠯᠡᠯ ᠤᠨ ᠠᠵᠢᠯ ᠤᠨ ᠲᠣᠭᠲᠠᠴᠠ ᠪᠣᠯᠤᠨ ᠦᠢᠯᠡᠴᠢᠯᠡᠭᠡᠨ ᠤ ᠠᠭᠤᠯᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠢ ᠦᠨᠡᠨᠬᠦ ᠰᠤᠯᠠ ᠠᠵᠢᠯᠲᠠᠨ ᠳᠤ ᠲᠥᠷᠬᠦᠮ | ᠪᠣᠯᠭᠠᠬᠤ ᠪᠠᠷ ᠴᠢᠷᠮᠠᠶᠢᠨ᠎ᠠ᠃ | |