ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠬᠦ ᠡᠲᠡᠭᠡᠳ ᠤᠨ ᠠᠵᠢᠯ ᠣᠯᠬᠤ ᠠᠷᠭ᠎ᠠ | ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠭᠤᠣᠯᠳᠠᠯᠭ᠎ᠠ ᠲᠠᠢ ᠬᠥᠮᠦᠰ ᠤᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠶᠠ ᠱᠢ ᠬᠤᠤ ᠪᠠᠯᠭᠠᠰᠤ 3 ᠰᠠᠷ᠎ᠠ ᠶᠢᠨ 11 ᠤ ᠡᠳᠦᠷ 7 | ᠡᠳᠦᠷ ᠤᠨ ᠬᠤᠭᠤᠴᠠᠭ᠎ᠠ ᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠤᠰᠬᠠᠢ ᠰᠡᠳᠦᠪᠲᠦ ᠪᠣᠯᠪᠠᠰᠤᠷᠠᠯ ᠤᠨ | ᠠᠩᠭᠢ ᠥᠷᠨᠢᠭᠦᠯᠪᠡ᠃ ᠶᠠᠳᠠᠭᠤ ᠠᠴᠠ ᠠᠩᠭᠢᠵᠢᠷᠠᠭᠰᠠᠨ ᠨᠡᠶᠢᠲᠡ 18 ᠬᠥᠮᠦᠨ ᠠᠮᠠ ᠪᠠ ᠬᠢᠨᠠᠨ ᠬᠡᠮᠵᠢᠬᠦ ᠡᠲᠡᠭᠡᠳ | ᠲᠤᠰ ᠬᠤᠭᠤᠴᠠᠭᠠᠨ ᠤ ᠪᠣᠯᠪᠠᠰᠤᠷᠠᠯ ᠳᠤ ᠣᠷᠣᠯᠴᠠᠪᠠ᠃ | ᠰᠢᠶᠠ ᠱᠢ ᠬᠤᠤ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤᠰ ᠤᠳᠠᠭᠠᠨ ᠤ | ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠥᠷᠨᠢᠭᠦᠯᠬᠦ ᠠᠴᠠ ᠡᠮᠦᠨ᠎ᠡ ᠭᠦᠢᠴᠡᠳ ᠬᠢᠴᠢᠶᠡᠯ ᠬᠢᠵᠦ᠂ | ᠣᠶᠢᠷ᠎ᠠ ᠶᠢᠨ ᠵᠢᠯ ᠤᠳ ᠲᠤ ᠲᠠᠷᠢᠵᠤ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠯ ᠪᠣᠷᠳᠣᠭᠠᠨ ᠤ ᠥᠪᠡᠷ ᠢ ᠪᠠᠨ | ᠬᠠᠩᠭᠠᠬᠤ ᠶᠢ ᠪᠡᠶᠡᠯᠡᠭᠦᠯᠬᠦ ᠳᠤ ᠪᠡᠷᠬᠡ ᠪᠠᠶᠢᠬᠤ ᠪᠣᠳᠠᠲᠠᠢ ᠬᠦᠴᠢᠷᠳᠡᠯ ᠲᠠᠢ ᠤᠶᠠᠯᠳᠤᠭᠤᠯᠤᠨ᠂ ᠲᠣᠰᠬᠤᠨ ᠤ | ᠠᠷᠠᠳ ᠤᠨ ᠵᠥᠪᠯᠡᠯ᠂ ᠲᠣᠰᠬᠤᠨ ᠤ ᠠᠷᠠᠳ ᠲᠠᠢ ᠢᠳᠡᠪᠬᠢᠲᠡᠢ ᠪᠠᠷ ᠨᠡᠪᠲᠡᠷᠡᠯᠴᠡᠨ ᠶᠠᠷᠢᠯᠴᠠᠵᠤ᠂ ᠲᠣᠰᠬᠤᠨ ᠤ | ᠠᠷᠠᠳ ᠤᠨ ᠠᠵᠢᠯ ᠣᠯᠬᠤ ᠬᠡᠷᠡᠭᠴᠡᠭᠡ ᠪᠠ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠣᠶᠢᠯᠠᠭᠠᠪᠠ᠃ ᠴᠠᠭᠠᠨ | ᠰᠠᠷ᠎ᠠ ᠠᠴᠠ ᠬᠤᠶᠢᠰᠢ ᠲᠠᠷᠢᠶᠠᠯᠠᠬᠤ ᠳᠤ ᠪᠡᠯᠡᠳᠬᠡᠬᠦ ᠠᠴᠠ ᠡᠮᠦᠨᠡᠬᠢ ᠬᠤᠪᠣᠷ ᠨᠠᠨᠳᠢᠨ ᠲᠠᠷᠢᠶᠠᠯᠠᠩ ᠤᠨ ᠰᠡᠯᠡᠭᠦᠦ | ᠴᠠᠭ ᠢ ᠠᠳᠬᠤᠵᠤ᠂ ᠶᠠᠳᠠᠭᠤ ᠠᠴᠠ ᠠᠩᠭᠢᠵᠢᠷᠠᠭᠰᠠᠨ 18 ᠬᠥᠮᠦᠨ ᠠᠮᠠ ᠪᠣᠯᠤᠨ ᠬᠢᠨᠠᠨ ᠬᠡᠮᠵᠢᠬᠦ ᠡᠲᠡᠭᠡᠳ ᠲᠤ | ᠥᠪᠡᠷᠮᠢᠴᠡ ᠣᠨᠴᠠᠯᠢᠭ ᠲᠠᠢ ᠪᠣᠯᠪᠠᠰᠤᠷᠠᠯ ᠤᠨ ᠬᠢᠴᠢᠶᠡᠯ ᠳᠡᠪᠰᠢᠭᠦᠯᠪᠡ᠃ ᠰᠢᠶᠠ ᠱᠢ ᠬᠤᠤ ᠪᠠᠯᠭᠠᠰᠤᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠡᠯ᠎ᠡ ᠲᠣᠰᠬᠤᠨ ᠤ ᠠᠷᠠᠳ ᠤᠨ ᠵᠥᠪᠯᠡᠯ ᠤᠨ ᠨᠢᠭᠲᠠ | ᠬᠠᠮᠵᠢᠯᠴᠠᠭ᠎ᠠ ᠳᠣᠣᠷ᠎ᠠ᠂ ᠲᠤᠰ ᠤᠳᠠᠭᠠᠨ ᠤ ᠨᠣᠭᠤᠭᠠᠨ ᠳᠠᠷᠤᠰᠢ ᠶᠢᠨ ᠪᠣᠷᠳᠤᠭ᠎ᠠ ᠪᠣᠯᠪᠠᠰᠤᠷᠠᠭᠤᠯᠬᠤ ᠲᠤᠰᠬᠠᠢ | ᠰᠡᠳᠦᠪᠲᠦ ᠪᠣᠯᠪᠠᠰᠤᠷᠠᠯ ᠤᠨ ᠠᠩᠭᠢ ᠤᠷᠤᠭᠰᠢᠲᠠᠢ ᠡᠷᠬᠢᠯᠡᠭᠰᠡᠨ ᠪᠥᠭᠡᠳ ᠲᠣᠰᠬᠤᠨ ᠤ ᠠᠷᠠᠳ ᠤᠨ ᠰᠠᠶᠢᠨ | ᠦᠨᠡᠯᠡᠯᠲᠡ ᠶᠢ ᠣᠯᠵᠠᠢ᠃ ᠨᠢᠭᠡ ᠰᠤᠷᠤᠭᠴᠢ ᠪᠠᠶᠠᠷᠲᠠᠢ ᠪᠠᠷ᠄ ︽ᠥᠩᠭᠡᠷᠡᠭᠰᠡᠨ ᠳᠤ ᠲᠠᠷᠢᠬᠤ ᠠᠴᠠ ᠭᠠᠳᠠᠨ᠎ᠠ ᠶᠠᠭᠤ | ᠴᠤ ᠮᠡᠳᠡᠬᠦ ᠦᠭᠡᠢ᠂ ᠣᠳᠣ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠶᠢ ᠰᠤᠷᠴᠠᠢ᠂ | ᠰᠡᠭᠦᠯᠡᠷ ᠨᠢ ᠡᠷᠭᠢᠨ ᠲᠣᠭᠤᠷᠢᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠠᠵᠢᠯ ᠳᠤ ᠠᠵᠢᠯᠯᠠᠵᠤ ᠪᠣᠯᠬᠤ ᠪᠠᠷ | ᠪᠠᠷᠠᠬᠤ ᠦᠭᠡᠢ ᠪᠠᠰᠠ ᠥᠪᠡᠷ ᠢᠶᠠᠨ ᠠᠳᠠᠯ ᠦᠢᠯᠡᠰ ᠴᠣᠭᠴᠠᠯᠠᠵᠤ ᠳᠡᠶᠢᠯᠬᠦ ᠪᠤᠯᠵᠠᠢ︕︾ ᠭᠡᠵᠦ ᠬᠡᠯᠡᠪᠡ᠃ | ᠲᠤᠰ ᠬᠤᠭᠤᠴᠠᠭᠠᠨ ᠤ ᠪᠣᠯᠪᠠᠰᠤᠷᠠᠭᠤᠯᠤᠯ ᠢ ᠨᠡᠶᠢᠲᠡ ᠬᠤᠶᠠᠷ ᠬᠡᠰᠡᠭ ᠠᠭᠤᠯᠭ᠎ᠠ ᠬᠤᠪᠢᠶᠠᠵᠤ᠂ ᠦᠳᠡ ᠶᠢᠨ | ᠡᠮᠦᠨᠡᠬᠢ ᠣᠨᠣᠯ ᠤᠨ ᠵᠢᠭᠠᠨ ᠰᠤᠷᠭᠠᠯᠲᠠ᠂ ᠦᠳᠡ ᠶᠢᠨ ᠬᠤᠶᠢᠨᠠᠬᠢ ᠦᠢᠯᠡᠳᠦᠯᠭᠡ ᠶᠢᠨ ᠠᠵᠢᠯᠯᠠᠭᠠᠨ ᠤ ᠵᠠᠭᠪᠤᠷ | ᠪᠤᠯᠤᠨ᠎ᠠ᠃ ᠪᠣᠯᠪᠠᠰᠤᠷᠠᠭᠤᠯᠤᠯ ᠤᠨ ᠯᠧᠺᠲ᠋ᠣᠷ ︽ᠪᠥᠬᠦ ᠰᠠᠭᠤᠷᠢ ᠨᠣᠭᠤᠭᠠᠨ ᠳᠠᠷᠤᠰᠢ ᠡᠷᠳᠡᠨᠢ ᠰᠢᠰᠢ ᠶᠢᠨ ᠳᠠᠷᠢᠵᠤ | ᠡᠳ᠋ᠰᠢᠭᠦᠯᠬᠦ︾ ︽ᠥᠨᠳᠥᠷ ᠤᠨᠠᠯᠲᠠ ᠲᠠᠢ ᠴᠢᠨᠠᠷ ᠰᠠᠶᠢᠲᠠᠢ ᠨᠣᠭᠤᠭᠠᠨ ᠳᠠᠷᠤᠰᠢ ᠡᠷᠳᠡᠨᠢ ᠰᠢᠰᠢ ᠶᠢ ᠲᠠᠷᠢᠵᠤ | ᠪᠤᠶᠢᠵᠢᠭᠤᠯᠬᠤ ᠮᠡᠷᠭᠡᠵᠢᠯ︾ ᠵᠡᠷᠭᠡ ᠲᠤᠰᠬᠠᠢ ᠮᠡᠷᠭᠡᠵᠢᠯ ᠤᠨ ᠮᠠᠲ᠋ᠧᠷᠢᠶᠠᠯ ᠲᠠᠢ ᠤᠶᠠᠯᠳᠤᠭᠤᠯᠤᠨ᠂ ᠨᠣᠭᠤᠭᠠᠨ | ᠳᠠᠷᠤᠰᠢ ᠶᠢᠨ ᠲᠡᠵᠢᠭᠡᠯ ᠪᠣᠷᠳᠣᠭᠠᠨ ᠤ ᠤᠬᠠᠭᠳᠠᠬᠤᠨ᠂ ᠳᠠᠪᠠᠭᠤᠯᠢᠭ᠂ ᠪᠦᠬᠦ ᠰᠠᠭᠤᠷᠢ ᠨᠣᠭᠤᠭᠠᠨ ᠳᠠᠷᠤᠰᠢ ᠶᠢᠨ | ᠡᠷᠳᠡᠨᠢ ᠰᠢᠰᠢ ᠶᠢᠨ ᠲᠠᠷᠢᠬᠤ ᠮᠡᠷᠭᠡᠵᠢᠯ ᠵᠢᠴᠢ ᠳᠠᠷᠤᠰᠢᠭᠤᠯᠬᠤ ᠡᠷᠳᠡᠨᠢ ᠰᠢᠰᠢ ᠶᠢ ᠡᠳ᠋ᠰᠢᠭᠦᠯᠬᠦ ᠮᠡᠷᠭᠡᠵᠢᠯ ᠢ ᠨᠠᠷᠢᠨ | ᠲᠠᠶᠢᠯᠪᠤᠷᠢᠯᠠᠪᠠ᠃ ᠪᠣᠯᠪᠠᠰᠤᠷᠠᠯ ᠤᠨ ᠬᠤᠭᠤᠴᠠᠭᠠᠨ ᠳᠤ ᠪᠠᠰᠠ ᠲᠤᠬᠠᠢ ᠶᠢᠨ ᠭᠠᠵᠠᠷ ᠲᠤᠨᠢ ᠠᠵᠢᠯᠯᠠᠵᠤ᠂ ᠭᠠᠵᠠᠷ | ᠰᠢᠷᠣᠢ ᠶᠢᠨ ᠪᠡᠯᠡᠳᠬᠡᠯ᠂ ᠲᠠᠷᠢᠬᠤ᠂ ᠵᠦᠢ ᠵᠣᠬᠢᠰᠲᠠᠢ ᠤᠰᠤᠯᠠᠬᠤ ᠪᠠ ᠪᠣᠷᠳᠣᠭᠤᠷ ᠨᠡᠮᠡᠬᠦ᠂ ᠲᠠᠷᠢᠶ᠎ᠡ ᠠᠷᠴᠢᠬᠤ᠂ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠯᠢ ᠣᠯᠠᠨ ᠲᠠᠷᠢᠶᠠᠨ ᠭᠠᠵᠠᠷ ᠤᠨ | ᠬᠠᠮᠢᠶᠠᠷᠤᠯᠲᠠ ᠶᠢᠨ ᠮᠡᠷᠭᠡᠵᠢᠯ ᠢ ᠰᠤᠷᠤᠯᠴᠠᠪᠠ᠃ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ | ᠰᠤᠷᠤᠭᠴᠢᠳ ᠢ ᠨᠣᠭᠤᠭᠠᠨ ᠪᠣᠷᠳᠤᠭ᠎ᠠ ᠪᠣᠯᠪᠠᠰᠤᠷᠠᠭᠤᠯᠬᠤ ᠲᠤᠬᠠᠢ ᠪᠦᠬᠦ ᠲᠠᠯ᠎ᠠ ᠶᠢᠨ ᠣᠨᠣᠯ ᠤᠨ ᠲᠠᠨᠢᠯᠲᠠ ᠲᠠᠢ | ᠪᠣᠯᠭᠠᠪᠠ᠃ | ᠲᠤᠰ ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠭᠰᠡᠨ ᠨᠢ ᠰᠢᠶᠠ ᠱᠢ ᠬᠤᠤ | ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠪᠠ ᠬᠢᠨᠠᠨ ᠬᠡᠮᠵᠢᠬᠦ ᠡᠲᠡᠭᠡᠳ ᠤᠨ ᠠᠵᠢᠯ ᠣᠯᠭᠤᠵᠤ ᠬᠠᠪᠰᠤᠷᠤᠨ ᠲᠡᠳᠬᠦᠬᠦ | ᠠᠵᠢᠯ ᠢ ᠢᠳᠡᠪᠬᠢᠲᠡᠢ ᠠᠬᠢᠭᠤᠯᠬᠤ ᠳᠤᠮᠳᠠᠬᠢ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 7 ᠡᠳᠦᠷ ᠤᠨ | ᠰᠢᠰᠲ᠋ᠧᠮ ᠲᠠᠢ ᠪᠣᠯᠪᠠᠰᠤᠷᠠᠭᠤᠯᠤᠯ ᠢᠶᠠᠷ ᠳᠠᠮᠵᠢᠨ᠂ 18 ᠰᠤᠷᠤᠭᠴᠢ ᠴᠥᠮ ᠬᠢᠨᠠᠨ ᠰᠢᠯᠭᠠᠯᠲᠠ ᠪᠠᠨ ᠤᠷᠤᠭᠰᠢᠲᠠᠢ | ᠪᠡᠶᠡᠯᠡᠭᠦᠯᠦᠭᠰᠡᠨ ᠪᠥᠭᠡᠳ ᠵᠣᠬᠢᠴᠠᠩᠭᠤᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠭᠡᠮ ᠤᠨ ᠦᠨᠡᠮᠯᠡᠯ | ᠣᠯᠤᠭᠰᠠᠨ ᠪᠠᠶᠢᠨ᠎ᠠ᠃ ᠡᠨᠡ ᠨᠢ ᠲᠡᠳᠡᠨ ᠳᠤ ᠨᠢᠭᠡ ᠵᠦᠢᠯ ᠤᠨ ᠬᠡᠷᠡᠭᠯᠡᠭᠡᠨ ᠤ ᠤᠷ᠎ᠠ ᠴᠢᠳᠠᠪᠤᠷᠢ ᠨᠡᠮᠡᠷᠢᠯᠡᠭᠰᠡᠨ ᠢᠶᠠᠷ | ᠪᠠᠷᠠᠬᠤ ᠦᠭᠡᠢ᠂ ᠨᠡᠩ ᠴᠤ ᠲᠡᠳᠡᠨ ᠤ ᠢᠷᠡᠭᠡᠳᠦᠢ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤ ᠠᠷᠭ᠎ᠠ | ᠵᠠᠮ ᠢᠶᠠᠨ ᠥᠷᠭᠡᠳᠬᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠦᠷᠭᠦᠯᠵᠢᠯᠡᠨ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠬᠦ ᠡᠲᠡᠭᠡᠳ ᠤᠨ | ᠠᠵᠢᠯ ᠣᠯᠭᠤᠯᠲᠠ ᠶᠢᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠡᠩ ᠣᠯᠠᠨ ᠬᠠᠨᠳᠤᠯᠭᠠᠲᠤ ᠴᠢᠨᠠᠷᠲᠠᠢ | ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠲᠡᠳᠡᠨ ᠳᠤ ᠨᠡᠩ ᠣᠯᠠᠨ ᠠᠵᠢᠯ ᠣᠯᠭᠤᠯᠲᠠ ᠶᠢᠨ ᠠᠵᠠ ᠲᠣᠬᠢᠶᠠᠯ | ᠣᠯᠭᠤᠵᠤ᠂ ᠲᠡᠳᠡᠨ ᠤ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠳᠠ ᠦᠭᠡᠢ | ᠨᠡᠮᠡᠭᠳᠡᠭᠦᠯᠦᠨ᠎ᠡ ᠬᠡᠵᠡᠢ᠃ | |