ᠨᠢᠭᠡ᠂ ᠲᠣᠭᠲᠠᠭᠠᠭᠰᠠᠨ ᠴᠢᠬᠤᠯᠠ ᠴᠢᠨᠠᠷ ᠪᠣᠯᠤᠨ ᠭᠤᠤᠯ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠂ ︽2025 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠵᠦᠢᠯᠡᠰ ᠢ ᠮᠡᠳᠡᠭᠦᠯᠦᠨ ᠬᠦᠷᠭᠡᠬᠦ ᠲᠤᠬᠠᠶ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ | ᠲᠥᠯᠥᠭᠡ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠮᠠᠨ ᠤ ᠰᠢᠶᠠᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠵᠦᠢᠯᠡᠰ ᠢ ᠢᠯᠭᠠᠷᠠᠭᠤᠯᠬᠤ ᠶᠢᠨ ᠬᠠᠮᠲᠤ ︽ᠭᠦᠶᠡᠩ | ᠰᠢᠶᠠᠨ ᠤ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ︾ ᠢ ᠪᠦᠷᠢᠯᠳᠦᠭᠦᠯᠪᠡ᠃ | ᠬᠤᠶᠠᠷ᠂ ᠵᠣᠷᠢᠯᠭ᠎ᠠ ᠵᠢᠴᠢ ᠬᠠᠷᠠᠯᠲᠠ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ | ᠬᠡᠷᠡᠭᠵᠢᠭᠦᠯᠬᠦ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ᠬᠤᠯᠪᠣᠭᠳᠠᠯ | ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠠᠷᠠᠳᠴᠢᠯᠠᠯ᠂ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠬᠠᠮᠢᠶᠠᠷᠤᠯᠲᠠ ᠶᠢ ᠲᠦᠯᠬᠢᠨ ᠠᠬᠢᠭᠤᠯᠬᠤ ᠶᠢᠨ | ᠲᠦᠯᠤᠭᠡ᠃ | ᠭᠤᠷᠪᠠ᠂ ᠲᠤᠭᠤᠷᠪᠢᠨ ᠪᠢᠴᠢᠬᠦ ᠵᠠᠷᠴᠢᠮ | ᠨᠢᠭᠡ ᠳᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ | ᠬᠠᠮᠢᠶᠠᠷᠤᠯᠲᠠ ᠶᠢ ᠵᠢᠷᠤᠮᠵᠢᠭᠤᠯᠤᠨ᠎ᠠ᠂ ᠬᠤᠶᠠᠷ ᠲᠤ ᠬᠤᠲᠠ ᠶᠢᠨ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ ᠢᠯᠡ ᠨᠡᠶᠢᠲᠡᠯᠡᠵᠦ ᠢᠯᠡ ᠪᠣᠯᠭᠠᠨ᠎ᠠ᠃ | ᠳᠥᠷᠪᠡ᠂ ᠭᠤᠤᠯ ᠠᠭᠤᠯᠭ᠎ᠠ | ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ | ᠬᠡᠷᠡᠭᠵᠢᠭᠦᠯᠬᠦ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠬᠤᠯᠪᠣᠭᠳᠠᠯ ᠪᠥᠬᠦᠶ | ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠠᠵᠢᠯ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠨ ᠵᠥᠪᠰᠢᠶᠡᠷᠡᠵᠦ᠂ 2 ᠵᠦᠢᠯ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠰᠠᠨᠠᠭᠤᠯᠭ᠎ᠠ ᠶᠢᠨ ᠵᠦᠢᠯᠡᠰ ᠢ ᠦᠯᠡᠳᠡᠭᠡᠬᠦ ᠶᠢᠨ ᠬᠠᠮᠲᠤ ᠰᠦᠯᠵᠢᠶ᠎ᠡ ᠪᠠᠷ ᠨᠡᠶᠢᠭᠡᠮ ᠳᠤ ᠢᠯᠡ | ᠨᠡᠶᠢᠲᠡᠯᠡᠬᠦ ᠪᠠᠷ ᠲᠣᠭᠲᠠᠪᠠ᠃ |