3 ᠰᠠᠷ᠎ᠠ ᠶᠢᠨ 18 ᠤ ᠡᠳᠦᠷ᠂ ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶ᠎ᠡ | ᠪᠣᠯᠤᠨ ᠭᠦᠶᠡᠩ ᠰᠢᠶᠠᠨ ᠤ ᠨᠠᠮ ᠤᠨ ᠬᠤᠷᠢᠶ᠎ᠡ ︽ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠭᠠᠷ ᠬᠤᠯᠪᠣᠨ ᠬᠠᠮᠲᠤᠪᠠᠷ ᠰᠢᠨ᠎ᠡ ᠬᠠᠭᠤᠳᠠᠰᠤ ᠶᠢ ᠪᠢᠴᠢᠭᠯᠡᠬᠦ︾ | ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ ᠠᠵᠢᠯᠯᠠᠭ᠎ᠠ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠬᠤᠶᠠᠷ ᠲᠠᠯ᠎ᠠ ᠪᠠᠷ ᠢᠶᠠᠨ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠵᠤ ᠦᠢᠯᠡᠰ ᠢ | ᠬᠠᠮᠲᠤ ᠪᠠᠷ ᠠᠭᠤᠰᠤᠯᠴᠠᠭᠤᠯᠬᠤ ᠰᠢᠨ᠎ᠡ ᠶᠢ ᠡᠭᠦᠳᠬᠦ ᠵᠠᠭᠪᠤᠷ ᠢᠶᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ | ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠶᠢ ᠬᠤᠯᠪᠣᠭᠠᠯᠠᠨ | ᠬᠥᠳᠡᠯᠦᠯᠴᠡᠬᠦ᠂ ᠴᠢᠳᠠᠪᠤᠷᠢᠲᠠᠨ ᠢ ᠬᠥᠮᠦᠵᠢᠭᠦᠯᠵᠦ ᠰᠣᠯᠢᠯᠴᠠᠬᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠢ | ᠬᠠᠮᠵᠢᠯᠴᠠᠨ ᠭᠦᠭᠵᠢᠭᠡᠬᠦ ᠳᠥᠷᠪᠡᠨ ᠲᠠᠯ᠎ᠠ ᠶᠢᠨ ᠨᠠᠢᠮᠠᠨ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ︽ᠨᠠᠮ ᠤᠨ ᠪᠠᠶᠢᠭᠤᠯᠤᠯᠲᠠ ᠶᠢᠨ ᠠᠵᠤ ᠦᠢᠯᠡᠰ︾ ᠤᠨ ᠬᠠᠮᠵᠢᠯᠴᠠᠨ ᠬᠥᠭᠵᠢᠬᠦ ᠰᠢᠨ᠎ᠡ ᠬᠠᠭᠤᠳᠠᠰᠤ ᠶᠢ ᠨᠡᠭᠡᠭᠡᠪᠡ᠃ | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠭᠦᠸᠧ ᠵᠢᠶᠠᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠸᠠᠩ ᠰᠢᠶᠠᠩ ᠯᠢᠨ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ | ᠵᠢᠶᠦ᠋ᠨ ᠹᠧᠩ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠬᠤᠸᠠᠢ ᠱᠦᠸᠧ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠾᠧᠦ ᠵᠢᠶᠦ᠋ᠨ᠂ ᠰᠢᠶᠠᠨ ᠤ ᠬᠤᠨᠴᠢᠷ ᠤᠨ ᠨᠡᠶᠢᠭᠡᠮᠯᠢᠭ ᠤᠨ ᠳᠠᠷᠤᠭ᠎ᠠ ᠨᠢᠦ ᠵᠢᠶᠦ᠋ᠨ | ᠯᠢ᠂ ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ ᠼᠠᠢ ᠸᠧᠢ᠂ | ᠵᠢᠶᠠᠩᠰᠦ ᠶᠢᠨ ᠯᠦᠩ ᠹᠧᠩ ᠲᠠᠩ ᠬᠢᠲᠠᠳ ᠡᠮ ᠤᠨ ᠬᠢᠵᠠᠭᠠᠷᠲᠤ ᠺᠣᠮᠫᠠᠨᠢ ᠶᠢᠨ ᠳᠡᠳ᠋ ᠳᠠᠷᠤᠭ᠎ᠠ ᠢᠦᠢ ᠰᠢᠶᠣᠣ ᠶᠠᠨ | ᠂ ᠵᠢᠶᠠᠩᠰᠦ ᠶᠢᠨ ᠯᠦᠩ ᠹᠧᠩ ᠲᠠᠩ ᠬᠢᠲᠠᠳ ᠡᠮ ᠤᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃ ᠬᠤᠶᠠᠷ ᠲᠠᠯ᠎ᠠ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ᠂ ᠺᠣᠮᠫᠠᠨᠢ ᠶᠢᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠭᠡᠷ᠎ᠡ | ᠲᠣᠭᠲᠠᠬᠤ ᠶᠣᠰᠣᠯᠠᠯ ᠳᠤ ᠣᠷᠣᠯᠴᠠᠪᠠ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠯᠢ ᠷᠦᠢ ᠬᠤᠷᠠᠯ ᠡᠷᠬᠢᠯᠡᠪᠡ᠃ | ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ ᠼᠠᠢ ᠸᠧᠢ ᠪᠠᠶᠠᠷ ᠤᠨ | ᠦᠭᠡ ᠳᠡᠭᠡᠨ ᠭᠦᠶᠡᠩ ᠰᠢᠶᠠᠨ ᠤ ᠤᠷᠲᠤ ᠬᠤᠭᠤᠴᠠᠭᠠᠨ ᠤ ᠲᠤᠷᠰᠢ ᠠᠵᠤ ᠠᠬᠤᠶᠢᠯᠠᠯ ᠤᠨ ᠬᠥᠭᠵᠢᠯᠲᠡ ᠳᠤ | ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠲᠡᠷᠡ᠂ ᠲᠤᠰ ᠤᠳᠠᠭ᠎ᠠ ᠶᠢᠨ ᠨᠠᠮ ᠤᠨ ᠪᠠᠶᠢᠭᠤᠯᠤᠯᠲᠠ ᠶᠢ | ᠬᠠᠮᠲᠤ ᠪᠠᠷ ᠪᠠᠶᠢᠭᠤᠯᠬᠤ ᠨᠢ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠨᠡᠮᠡᠭᠳᠡᠭᠦᠯᠵᠦ᠂ ᠬᠤᠶᠠᠷ | ᠲᠠᠯ᠎ᠠ ᠪᠠᠷ ᠢᠶᠠᠨ ᠯᠠᠪᠳᠠᠭᠤᠨ ᠪᠠᠲᠤᠲᠠᠢ ᠬᠠᠮᠲᠤᠷᠠᠯᠴᠠᠭᠠᠨ ᠤ ᠰᠠᠭᠤᠷᠢᠨ ᠳᠡᠭᠡᠷ᠎ᠡ ᠳᠠᠪᠠᠭᠤᠯᠢᠭ ᠢᠶᠠᠨ ᠳᠠᠪᠬᠤᠴᠠᠭᠤᠯᠵᠤ | ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠷᠠᠲᠠᠶ᠎ᠠ ᠲᠤᠰ ᠤᠳᠠᠭ᠎ᠠ ᠶᠢᠨ ᠨᠠᠮ ᠤᠨ ᠪᠠᠶᠢᠭᠤᠯᠤᠯᠲᠠ ᠶᠢ | ᠬᠠᠮᠲᠤ ᠪᠠᠷ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ | ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠰᠡᠳᠬᠢᠴᠡ ᠪᠠᠨ | ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠥᠭᠵᠢᠯᠲᠡ ᠶᠢ | ᠬᠠᠮᠲᠤ ᠪᠠᠷ ᠠᠬᠢᠭᠤᠯᠵᠤ᠂ ᠬᠠᠮᠲᠤ ᠪᠠᠷ ᠪᠠᠶᠢᠭᠤᠯᠬᠤ ᠳᠤᠮᠳᠠ ᠬᠠᠮᠲᠤᠷᠠᠯᠴᠠᠭ᠎ᠠ ᠪᠠᠨ ᠠᠬᠢᠭᠤᠯᠵᠤ᠂ | ᠬᠠᠮᠲᠤᠷᠠᠯᠴᠠᠭᠠᠨ ᠤ ᠳᠤᠮᠳᠠ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠸᠠᠩ ᠰᠢᠶᠠᠩ ᠯᠢᠨ ᠤᠭᠲᠤᠯᠭ᠎ᠠ ᠶᠢᠨ ᠦᠭᠡ ᠬᠡᠯᠡᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠴᠢᠩ ᠰᠡᠳᠬᠢᠯ | ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠪᠡ᠃ ᠲᠡᠷᠡ᠂ ᠭᠦᠶᠡᠩ ᠰᠢᠶᠠᠨ ᠪᠣᠭᠤᠮᠲᠠ ᠶᠢᠨ ᠭᠠᠳᠠᠨᠠᠬᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ | ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ | ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠳᠡᠰ ᠳᠡᠪᠰᠢᠬᠦ᠂ ᠠᠮᠢ ᠠᠬᠤᠢ ᠶᠢᠨ ᠵᠠᠰᠠᠯᠲᠠ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠡᠨ ᠳᠤ ᠦᠷᠭᠦᠯᠵᠢᠯᠡᠨ ᠪᠣᠭᠤᠮᠲᠠ ᠰᠢᠪᠲᠤᠯᠵᠤ ᠰᠢᠪᠲᠤᠯᠤᠯᠲᠠ | ᠭᠠᠷᠭᠠᠨ᠎ᠠ ᠭᠡᠵᠦ ᠢᠯᠡᠳᠬᠡᠪᠡ᠃ ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠨᠢ ᠦᠨᠳᠦᠰᠦᠲᠡᠨ ᠤ ᠡᠮ | ᠡᠮᠨᠡᠯᠭᠡ ᠶᠢᠨ ᠠᠵᠤ ᠦᠢᠯᠡᠳᠪᠦᠷᠢ ᠶᠢᠨ ᠬᠡᠪ ᠳᠠᠭᠤᠷᠢᠶᠠᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ | ᠢᠮᠠᠭᠲᠠ ︽ᠰᠦᠪᠡᠭᠴᠢᠯᠡᠬᠦ ᠪᠠᠷ ᠴᠢᠷᠮᠠᠶᠢᠵᠤ ᠣᠯᠠᠨ ᠲᠦᠮᠡᠨ ᠢ ᠢᠪᠡᠭᠡᠬᠦ︾ ᠪᠠᠷ ᠥᠪᠡᠷ ᠤᠨ ᠡᠭᠦᠷᠭᠡ ᠪᠠᠨ | ᠪᠣᠯᠭᠠᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠪᠡ᠃ | ᠲᠤᠰ ᠤᠳᠠᠭᠠᠨ ᠤ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠰᠢᠨ᠎ᠡ ᠡᠬᠢᠯᠡᠯᠲᠡ ᠪᠣᠯᠬᠤ ᠪᠠᠷ ᠪᠠᠷᠠᠬᠤ ᠦᠭᠡᠢ᠂ ᠨᠡᠩ ᠴᠤ ︽ᠨᠠᠮ ᠤᠨ ᠬᠡᠯᠬᠢᠶ᠎ᠡ ᠶᠢ ᠪᠠᠶᠢᠭᠤᠯᠬᠤ | ︾ ︽ᠬᠥᠭᠵᠢᠯᠲᠡ ᠶᠢᠨ ᠬᠡᠯᠬᠢᠶ᠎ᠡ︾ ᠶᠢᠨ ᠰᠢᠨ᠎ᠡ ᠶᠢ ᠡᠭᠦᠳᠬᠦ ᠦᠢᠯᠡᠳᠦᠯᠭᠡ ᠶᠢ ᠲᠦᠯᠬᠢᠨ ᠠᠬᠢᠭᠤᠯᠬᠤ ᠶᠠᠪᠤᠳᠠᠯ | ᠪᠣᠯᠤᠨ᠎ᠠ᠃ ᠭᠦᠶᠡᠩ ᠰᠢᠶᠠᠨ ᠤ ᠨᠠᠮ ᠤᠨ ᠬᠤᠷᠢᠶ᠎ᠡ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ | ᠪᠣᠯᠭᠠᠵᠤ᠂ ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶ᠎ᠡ ᠲᠠᠢ ᠰᠡᠳᠬᠢᠯ ᠨᠢᠭᠡᠳᠦᠨ | ᠴᠢᠭᠯᠡᠯ ᠢᠶᠠᠨ ᠨᠢᠭᠡᠳᠬᠡᠵᠦ᠂ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠨᠠᠮ ᠤᠨ ᠪᠠᠶᠢᠭᠤᠯᠤᠯᠲᠠ ᠶᠢᠨ | ᠳᠠᠭᠠᠭᠤᠯᠭ᠎ᠠ ᠳᠣᠣᠷ᠎ᠠ ᠰᠢᠨ᠎ᠡ ᠠᠵᠠ ᠲᠣᠬᠢᠶᠠᠯ ᠢ ᠬᠠᠮᠲᠤ ᠪᠠᠷ ᠪᠤᠶᠢᠵᠢᠭᠤᠯᠵᠤ᠂ ᠰᠢᠨ᠎ᠡ ᠪᠠᠶᠢᠳᠠᠯ ᠢ ᠬᠠᠮᠲᠤ ᠪᠠᠷ | ᠡᠭᠦᠳᠴᠦ᠂ ︽ᠠᠵᠤ ᠠᠬᠤᠶᠢᠯᠠᠯ ᠣᠷᠣᠨ ᠨᠤᠲᠤᠭ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯᠴᠠᠵᠤ ᠬᠠᠮᠲᠤ ᠪᠠᠷ | ᠠᠰᠢᠭ ᠬᠦᠷᠲᠡᠬᠦ︾ ᠴᠠᠭ ᠦᠶ᠎ᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠬᠤᠶᠠᠷ ᠲᠠᠯ᠎ᠠ ᠶᠢᠨ ᠴᠢᠩ | ᠦᠨᠡᠨᠴᠢ ᠪᠠᠷ ᠬᠠᠮᠲᠤᠷᠠᠨ ᠠᠵᠢᠯᠯᠠᠬᠤ ᠲᠤᠬᠠᠢ ᠸᠠᠩ ᠰᠢᠶᠠᠩ ᠯᠢᠨ ᠳᠤ ᠭᠤᠷᠪᠠᠨ ᠬᠦᠰᠡᠯ ᠳᠤᠷᠠᠳᠪᠠ᠄ ᠨᠢᠭᠡ ᠳᠤ | ᠰᠡᠳᠬᠢᠯ ᠨᠢᠭᠡᠳᠦᠨ ︽ᠬᠤᠪᠢᠰᠬᠠᠯᠲᠤ ᠪᠠᠬᠢᠯᠡᠯᠲᠡ︾ ᠶᠢ ᠬᠠᠮᠲᠤ ᠪᠠᠷ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠬᠤᠯᠪᠣᠭᠠᠯᠠᠨ ᠪᠠᠶᠢᠭᠤᠯᠬᠤ᠂ | ᠡᠩᠨᠡᠭᠡ ᠬᠤᠯᠪᠣᠭᠠᠯᠠᠨ ᠬᠥᠮᠦᠵᠢᠭᠦᠯᠬᠦ᠂ ᠠᠵᠢᠯᠯᠠᠭ᠎ᠠ ᠶᠢ ᠬᠠᠮᠲᠤᠷᠠᠨ ᠡᠷᠬᠢᠯᠡᠬᠦ ᠲᠣᠭᠲᠠᠴᠠ ᠶᠢ ᠭᠦᠨᠵᠡᠭᠡᠶᠢᠷᠡᠭᠦᠯᠵᠦ᠂ | ᠬᠤᠶᠠᠷ ᠲᠠᠯ᠎ᠠ ᠪᠠᠷ ᠢᠶᠠᠨ ᠣᠨᠣᠯ ᠤᠨ ᠰᠤᠷᠤᠯᠴᠠᠯᠭ᠎ᠠ᠂ ᠵᠢᠭᠰᠠᠭᠠᠯ ᠤᠨ ᠭᠠᠵᠠᠷ ᠢ ᠬᠠᠮᠲᠤ ᠪᠠᠷ ᠡᠳ᠋ᠯᠡᠬᠦ᠂ ᠲᠦᠷᠦᠯ | ᠲᠡᠮᠳᠡᠭ ᠢ ᠬᠠᠮᠲᠤ ᠪᠠᠷ ᠡᠭᠦᠳᠬᠦ ᠲᠠᠯ᠎ᠠ ᠪᠠᠷ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠨᠠᠮ ᠤᠨ | ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠪᠠᠷ ᠭᠦᠶᠡᠩ ᠤᠨ ᠴᠢᠨᠠᠷ ᠰᠠᠶᠢᠲᠠᠢ ᠬᠥᠭᠵᠢᠯᠲᠡ ᠶᠢᠨ ︽ᠬᠤᠪᠢᠰᠬᠠᠯᠲᠤ | ᠬᠥᠳᠡᠯᠭᠡᠭᠦᠷ︾ ᠪᠣᠯᠭᠠᠬᠤ ᠬᠡᠷᠡᠭᠲᠡᠢ᠃ ᠬᠤᠶᠠᠷ ᠲᠤ᠂ ︽ᠬᠥᠭᠵᠢᠯᠲᠡ ᠶᠢᠨ ᠥᠩ ᠰᠢᠮᠡᠯᠢᠭ ᠬᠥᠷᠥᠰᠥ︾ ᠶᠢ | ᠬᠠᠮᠲᠤ ᠪᠠᠷ ᠪᠤᠶᠢᠵᠢᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠳᠤᠮᠳᠠ ᠬᠥᠳᠡᠯᠭᠡᠬᠦ | ᠬᠦᠴᠦᠨ ᠢᠶᠠᠨ ᠬᠥᠭᠵᠢᠭᠡᠬᠦ ᠬᠡᠷᠡᠭᠲᠡᠢ᠃ ᠶᠠᠩ ᠽᠢ ᠵᠢᠶᠠᠩ ᠡᠮ ᠤᠨ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠣᠳᠠᠲᠤ ᠬᠦᠴᠦᠨ ᠪᠠ ᠠᠵᠤ ᠦᠢᠯᠡᠰ ᠤᠨ ᠡᠬᠢ ᠪᠠᠶᠠᠯᠢᠭ ᠲᠤ ᠲᠦᠰᠢᠭᠯᠡᠨ᠂ ᠭᠦᠶᠡᠩ ᠬᠢᠲᠠᠳ | ᠡᠮ ᠤᠨ ᠮᠠᠲ᠋ᠧᠷᠢᠶᠠᠯ ᠲᠠᠷᠢᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠨᠠᠷᠢᠯᠢᠭ ᠣᠨᠣᠴᠠᠲᠠᠢ ᠪᠠᠷ ᠬᠦᠴᠦᠯᠡᠵᠦ | ᠂ ︽ᠨᠠᠮ ᠤᠨ ᠪᠠᠶᠢᠭᠤᠯᠤᠯᠲᠠ ᠶᠢᠨ ᠠᠵᠤ ᠦᠢᠯᠡᠰ︾ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ︽ | ᠠᠵᠤ ᠦᠢᠯᠡᠰ ᠢᠶᠠᠷ ᠰᠢᠶᠠᠨ ᠢ ᠮᠠᠨᠳᠤᠭᠤᠯᠬᠤ︾ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠪᠤᠢ ᠪᠣᠯᠭᠠᠨ᠎ᠠ᠃ | ᠭᠤᠷᠪᠠ ᠳᠤ᠂ ᠬᠦᠴᠦ ᠪᠠᠨ ᠬᠠᠮᠲᠤᠳᠬᠠᠨ ︽ᠠᠷᠠᠳ ᠲᠤ ᠠᠰᠢᠭ ᠬᠦᠷᠲᠡᠭᠡᠬᠦ ᠬᠠᠷᠢᠭᠤᠯᠲᠠ ᠶᠢᠨ ᠬᠠᠭᠤᠳᠠᠰᠤ︾ ᠶᠢ | ᠵᠢᠷᠤᠵᠤ᠂ ᠠᠷᠠᠳ ᠲᠦᠮᠡᠨ ᠳᠤ ᠦᠢᠯᠡᠴᠢᠯᠡᠬᠦ ᠦᠨᠳᠦᠰᠦ ᠶᠢ ᠦᠢᠯᠡᠳᠦᠯᠭᠡᠵᠢᠭᠦᠯᠬᠦ ᠬᠡᠷᠡᠭᠲᠡᠢ᠃ ᠣᠯᠠᠨ ᠲᠦᠮᠡᠨ ᠤ | ᠡᠷᠡᠭᠦᠯ ᠮᠡᠨᠳᠦ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠮ ᠡᠮᠨᠡᠯᠭᠡ ᠶᠢᠨ ᠬᠠᠪᠰᠤᠷᠤᠨ ᠲᠡᠳᠬᠦᠬᠦ᠂ | ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠠᠷᠠᠳ ᠲᠤ | ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠤᠭᠰᠠᠨ ᠦᠷ᠎ᠡ | ᠪᠦᠲᠦᠭᠡᠯ ᠢ ᠦᠨᠳᠦᠰᠦᠨ ᠱᠠᠲᠤᠨ ᠤ ᠣᠯᠠᠨ ᠲᠦᠮᠡᠨ ᠳᠤ ᠨᠡᠩ ᠣᠯᠠᠨ ᠬᠦᠷᠲᠡᠭᠡᠵᠦ᠂ ︽ᠠᠷᠠᠳ ᠲᠦᠮᠡᠨ ᠢ | ᠳᠡᠭᠡᠳᠦᠯᠡᠬᠦ︾ ᠬᠠᠶᠢᠷ᠎ᠠ ᠬᠠᠯᠠᠮᠵᠢ ᠶᠢᠨ ᠬᠠᠭᠤᠳᠠᠰᠤ ᠶᠢ ᠪᠢᠴᠢᠭᠯᠡᠨ᠎ᠡ ᠭᠡᠵᠡᠢ᠃ | ᠬᠤᠶᠠᠷ ᠲᠠᠯ᠎ᠠ ᠪᠠᠷ ᠢᠶᠠᠨ ᠬᠤᠷᠠᠯ ᠳᠤ ᠣᠷᠣᠯᠴᠠᠭᠰᠠᠳ ᠤᠨ ᠭᠡᠷᠡᠴᠢᠯᠡᠭᠡ ᠪᠠᠷ ᠨᠠᠮ ᠤᠨ ᠪᠠᠶᠢᠭᠤᠯᠤᠯᠲᠠ ᠶᠢ | ᠬᠠᠮᠲᠤ ᠪᠠᠷ ᠪᠠᠶᠢᠭᠤᠯᠬᠤ ᠵᠥᠪᠯᠡᠯᠴᠡᠬᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠬᠡᠷ ᠢ ᠠᠵᠤ ᠦᠢᠯᠡᠰ ᠢᠶᠠᠷ | ᠬᠠᠪᠰᠤᠷᠤᠨ ᠲᠡᠳᠬᠦᠬᠦ᠂ ᠡᠮ ᠡᠮᠨᠡᠯᠭᠡ ᠶᠢᠨ ᠲᠤᠰᠠᠯᠠᠮᠵᠢ ᠦᠵᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ | ᠣᠯᠠᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠠᠵᠤ ᠦᠢᠯᠡᠰ ᠲᠠᠢ | ᠵᠡᠷᠭᠡᠪᠡᠷ ᠪᠠᠶᠢᠷᠢᠯᠠᠭᠤᠯᠵᠤ᠂ ᠨᠢᠭᠲᠠ ᠤᠶᠠᠯᠳᠤᠭᠤᠯᠵᠤ᠂ ᠬᠠᠮᠲᠤᠪᠠᠷ ᠬᠦᠴᠦᠯᠡᠵᠦ᠂ ᠨᠠᠮ ᠤᠨ ᠪᠠᠶᠢᠭᠤᠯᠤᠯᠲᠠ ᠪᠠᠷ | ᠲᠤᠬᠠᠶᠢᠯᠠᠭᠰᠠᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ | ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠬᠦ᠂ | ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ | ᠵᠡᠷᠭᠡ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠥᠷᠨᠢᠭᠦᠯᠵᠦ᠂ ᠶᠠᠩ ᠽᠢ ᠵᠢᠶᠠᠩ ᠡᠮ ᠤᠨ | ᠦᠢᠯᠡᠰ ᠤᠨ ᠪᠦᠯᠦᠭᠯᠡᠯ ᠤᠨ ᠨᠠᠮ ᠤᠨ ᠠᠵᠢᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠨᠠᠮ ᠤᠨ | ᠪᠠᠶᠢᠭᠤᠯᠤᠯᠲᠠ ᠶᠢᠨ ᠣᠨᠴᠠᠯᠢᠭ ᠲᠠᠢ ᠠᠷᠭ᠎ᠠ ᠬᠢᠳᠡᠯ ᠢ ᠬᠤᠪᠢᠶᠠᠯᠴᠠᠵᠤ᠂ ᠭᠦᠶᠡᠩ ᠰᠢᠶᠠᠨ ᠤ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠡ᠂ ᠰᠢᠶᠠ ᠱᠢ ᠬᠤᠤ ᠪᠠᠯᠭᠠᠰᠤᠨ ᠤ ᠭᠤᠣᠯ ᠤᠳᠤᠷᠢᠳᠤᠯᠭ᠎ᠠ᠂ ᠵᠢᠶᠦ᠋ᠨ ᠺᠠᠩ ᠴᠢ ᠦᠢᠯᠡᠰ | ︵ᠭᠦᠶᠡᠩ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠲᠤᠰ ᠲᠤᠰ ᠣᠷᠣᠨ ᠨᠤᠲᠤᠭ ᠤᠨ ᠨᠠᠮ ᠤᠨ ᠪᠠᠶᠢᠭᠤᠯᠤᠯᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ | ᠲᠠᠯ᠎ᠠ ᠶᠢᠨ ᠦᠢᠯᠡᠳᠦᠯᠭᠡ ᠶᠢᠨ ᠰᠥᠪᠡᠭᠴᠢᠯᠡᠯᠲᠡ ᠶᠢ ᠲᠠᠨᠢᠯᠴᠠᠭᠤᠯᠪᠠ᠃ | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠭᠦᠸᠧ ᠵᠢᠶᠠᠨ ᠭᠤᠸᠠᠩ ᠳ᠋ᠦᠩᠨᠡᠯᠲᠡ ᠶᠢᠨ ᠶᠠᠷᠢᠶᠠᠨ ᠳᠠᠭᠠᠨ ᠶᠠᠩ ᠽᠢ ᠵᠢᠶᠠᠩ ᠡᠮ ᠤᠨ ᠦᠢᠯᠡᠰ ᠤᠨ | ᠪᠦᠯᠦᠭᠯᠡᠯ ᠤᠨ ᠭᠦᠶᠡᠩ ᠰᠢᠶᠠᠨ ᠢ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠬᠤᠶᠠᠷ ᠲᠠᠯ᠎ᠠ ᠶᠢᠨ ᠡᠬᠢ ᠰᠤᠷᠪᠤᠯᠵᠢ ᠶᠢ ᠭᠦᠨ ᠡᠷᠭᠢᠴᠡᠭᠦᠯᠪᠡ᠂ ᠲᠡᠷᠡ᠂ ᠡᠷᠬᠢᠮ ᠠᠵᠤ ᠠᠬᠤᠶᠢᠯᠠᠯ ᠪᠣᠯᠤᠨ | ᠭᠦᠶᠡᠩ ᠤᠨ ᠬᠤᠪᠢ ᠪᠠᠷᠢᠯᠳᠤᠯᠭ᠎ᠠ ᠶᠢ ᠣᠷᠭᠠᠨᠢᠭ ᠬᠤᠨᠴᠢᠷ ᠠᠴᠠ ᠡᠬᠢᠯᠡᠵᠦ᠂ ᠭᠠᠵᠠᠷ ᠰᠢᠷᠣᠢ ᠠᠴᠠ ᠬᠡᠯᠡᠨ ᠤ | ᠦᠵᠦᠭᠦᠷ ᠬᠦᠷᠲᠡᠯᠡᠬᠢ ᠶᠠᠰᠤ ᠴᠢᠨᠠᠷ ᠢ ᠪᠠᠲᠤ ᠰᠠᠬᠢᠵᠤ᠂ ᠨᠢᠭᠲᠠ ᠬᠠᠮᠲᠤᠷᠠᠯᠴᠠᠭᠰᠠᠨ ᠠᠴᠠ ᠨᠠᠭᠠᠰᠢ᠂ ᠪᠣᠳᠠᠲᠠᠢ | ᠠᠵᠢᠯᠯᠠᠵᠤ᠂ ᠭᠠᠷ ᠬᠤᠯᠪᠣᠨ ᠵᠢᠩᠬᠢᠨᠢ ᠤᠮᠠᠷᠠᠲᠤ ᠶᠢᠨ ᠬᠤᠨᠴᠢᠷ ᠤᠨ ᠲᠦᠷᠦᠯ ᠲᠡᠮᠳᠡᠭ ᠢ ᠡᠭᠦᠳᠴᠦ᠂ ᠭᠠᠷ | ᠬᠤᠯᠪᠣᠨ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠵᠤ᠂ ᠭᠠᠷ ᠬᠤᠯᠪᠣᠨ ᠨᠠᠮ ᠤᠨ | ᠪᠠᠶᠢᠭᠤᠯᠤᠯᠲᠠ ᠶᠢᠨ ᠬᠠᠮᠲᠤᠷᠠᠯᠴᠠᠭᠠᠨ ᠤ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ | ᠂ ᠪᠢᠳᠡ ᠨᠠᠮ ᠤᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠵᠤ᠂ ᠬᠥᠭᠵᠢᠯᠲᠡ ᠶᠢᠨ ᠨᠢᠭᠡ ᠲᠥᠪᠲᠦ ᠲᠣᠭᠤᠷᠢᠭ ᠢ | ᠬᠠᠮᠲᠤ ᠪᠠᠷ ᠵᠢᠷᠤᠭᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠲᠤᠰ ᠤᠳᠠᠭᠠᠨ ᠤ ᠨᠠᠮ ᠤᠨ | ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠶᠢᠨ ᠪᠡᠯᠭᠡ ᠲᠡᠮᠳᠡᠭ ᠪᠣᠯᠬᠤ ᠪᠠᠷ ᠪᠠᠷᠠᠬᠤ ᠦᠭᠡᠢ᠂ ᠨᠡᠩ ᠴᠤ ᠬᠥᠭᠵᠢᠯᠲᠡ ᠶᠢ ᠬᠠᠮᠲᠤ ᠪᠠᠷ | ᠰᠦᠪᠡᠭᠴᠢᠯᠡᠬᠦ ᠰᠢᠨ᠎ᠡ ᠡᠬᠢᠯᠡᠯᠲᠡ ᠪᠣᠯᠤᠨ᠎ᠠ᠃ ᠵᠣᠬᠢᠶᠠᠨ ᠪᠠᠶᠢᠭᠤᠯᠵᠤ ᠬᠠᠮᠲᠤᠷᠠᠨ ᠪᠠᠶᠢᠭᠤᠯᠬᠤ᠂ ᠠᠵᠢᠯᠯᠠᠭ᠎ᠠ ᠶᠢ | ᠬᠠᠮᠲᠤᠷᠠᠨ ᠡᠷᠬᠢᠯᠡᠬᠦ᠂ ᠬᠦᠴᠢᠷ ᠠᠰᠠᠭᠤᠳᠠᠯ ᠢ ᠬᠠᠮᠲᠤᠷᠠᠨ ᠰᠢᠢᠳᠪᠦᠷᠢᠯᠡᠬᠦ ᠪᠠᠷ ᠳᠠᠮᠵᠢᠭᠤᠯᠤᠨ᠂ ᠵᠠᠰᠠᠭ ᠠᠵᠤ | ᠠᠬᠤᠶᠢᠯᠠᠯ ᠬᠠᠮᠵᠢᠯᠴᠠᠨ ᠬᠥᠭᠵᠢᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠳᠡᠭ ᠢ | ᠪᠢᠳᠡ ᠪᠠᠲᠤ ᠢᠲᠡᠭᠡᠵᠦ ᠪᠠᠶᠢᠨ᠎ᠠ᠃ ᠪᠢᠳᠡ ᠠᠵᠤ ᠦᠢᠯᠡᠰ ᠢᠶᠠᠷ ᠰᠠᠭᠤᠷᠢ ᠪᠣᠯᠭᠠᠵᠤ᠂ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠬᠠᠮᠲᠤ ᠪᠠᠷ ᠪᠤᠶᠢᠵᠢᠭᠤᠯᠬᠤ ᠶᠢ ᠬᠦᠰᠡᠵᠦ ᠪᠠᠶᠢᠨ᠎ᠠ᠃ ᠣᠳᠣᠬᠠᠨ ᠳᠤ᠂ ᠭᠦᠶᠡᠩ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ ᠪᠠᠶᠢᠨ᠎ᠠ᠂ ᠶᠠᠩ ᠽᠢ ᠵᠢᠶᠠᠩ ᠡᠮ ᠤᠨ ᠦᠢᠯᠡᠰ ᠤᠨ ᠬᠢᠲᠠᠳ ᠡᠮ ᠡᠮᠨᠡᠯᠭᠡ ᠶᠢᠨ ᠰᠤᠳᠤᠯᠤᠨ ᠨᠡᠭᠡᠭᠡᠬᠦ᠂ | ᠶᠡᠭᠡ ᠡᠷᠡᠭᠦᠯ ᠮᠡᠨᠳᠦ ᠶᠢᠨ ᠬᠦᠷᠢᠶᠡᠨ ᠳᠠᠬᠢ ᠳᠠᠪᠠᠭᠤᠯᠢᠭ ᠪᠣᠯ ᠪᠢᠳᠡᠨ ᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ︽ | ᠠᠯᠲᠠᠨ ᠲᠦᠯᠬᠢᠭᠦᠷ︾ ᠮᠥᠨ᠃ ᠲᠤᠰ ᠤᠳᠠᠭᠠᠨ ᠤ ᠬᠠᠮᠲᠤ ᠪᠠᠷ ᠪᠠᠶᠢᠭᠤᠯᠬᠤ ᠠᠵᠢᠯᠯᠠᠭ᠎ᠠ ᠨᠢ ᠪᠢᠳᠡᠨ ᠳᠤ ᠵᠠᠰᠠᠭ | ᠠᠵᠤ ᠠᠬᠤᠶᠢᠯᠠᠯ ᠤᠨ ᠨᠡᠪᠲᠡᠷᠡᠯᠴᠡᠭᠡ ᠶᠢᠨ ︽ᠰᠡᠳᠬᠢᠯ ᠤᠨ ᠬᠤᠯᠪᠣᠭᠠᠰᠤ︾ ᠶᠢ ᠪᠠᠶᠢᠭᠤᠯᠵᠤ ᠥᠭᠴᠡᠢ᠃ ᠪᠢᠳᠡ ︽ | ᠬᠠᠷᠢᠭᠤᠯᠬᠤ ᠰᠡᠳᠬᠢᠬᠦᠢ ᠲᠠᠢ︾ ᠰᠡᠳᠦᠪ ᠢᠶᠠᠷ᠂ ᠡᠷᠬᠢᠮ ᠠᠵᠤ ᠠᠬᠤᠶᠢᠯᠠᠯ ᠳᠤ ᠬᠠᠮᠤᠭ ᠤᠨ ᠰᠢᠯᠢᠳᠡᠭ | ᠡᠵᠡᠩᠨᠡᠯᠲᠡ ᠶᠢᠨ ᠣᠷᠴᠢᠨ ᠲᠣᠭᠤᠷᠢᠨ᠂ ᠬᠠᠮᠤᠭ ᠤᠨ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠵᠤ᠂ ᠬᠤᠨᠴᠢᠷ ᠤᠨ ᠠᠵᠤ ᠦᠢᠯᠡᠰ ᠢ ︽ᠤᠤᠭᠠᠯ ᠨᠡᠷᠡᠲᠦ ᠲᠡᠮᠳᠡᠭᠲᠦ︾ ᠠᠴᠠ ︽ᠨᠠᠷᠢᠯᠢᠭ ᠨᠡᠷᠡᠲᠦ | ᠲᠡᠮᠳᠡᠭᠲᠦ︾ ᠪᠣᠯᠭᠠᠨ ᠳᠡᠭᠡᠭᠰᠢᠯᠡᠭᠦᠯᠬᠦ ᠶᠢ ᠠᠬᠢᠭᠤᠯᠵᠤ᠂ ︽ᠨᠢᠭᠡ ᠰᠠᠭᠤᠷᠢ ᠡᠪᠡᠰᠦ︾ ᠠᠴᠠ ︽ᠨᠢᠭᠡ ᠬᠡᠯᠬᠢᠶ᠎ᠡ︾ | ᠳᠤ ᠬᠦᠷᠬᠦ ᠥᠷᠲᠡᠭ ᠤᠨ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠪᠢᠳᠡ ᠠᠷᠠᠳ ᠤᠨ ᠠᠮᠢᠳᠤᠷᠠᠯ ᠢᠶᠠᠷ ᠤᠤᠷ | ᠴᠢᠨᠠᠷ ᠢᠶᠠᠨ ᠪᠣᠯᠭᠠᠵᠤ᠂ ᠵᠣᠯ ᠵᠢᠷᠭᠠᠯᠲᠤ ᠰᠢᠨ᠎ᠡ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ᠃ | ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠬᠢ | ᠪᠠᠶᠠᠯᠢᠭ ᠤᠨ ᠳᠠᠪᠠᠭᠤᠯᠢᠭ ᠢ ᠭᠦᠶᠡᠩ ᠤᠨ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠠᠷᠢᠯᠢᠭ ᠣᠨᠣᠴᠠᠲᠠᠢ ᠪᠠᠷ | ᠵᠣᠯᠭᠠᠭᠤᠯᠵᠤ᠂ ︽ᠨᠠᠮ ᠤᠨ ᠪᠠᠶᠢᠭᠤᠯᠤᠯᠲᠠ ᠶᠢᠨ ᠡᠷᠡᠭᠦᠯ ᠮᠡᠨᠳᠦ︾ ᠶᠢᠨ ᠰᠢᠨ᠎ᠡ ᠶᠢ ᠡᠭᠦᠳᠬᠦ ᠵᠠᠭᠪᠤᠷ ᠢ | ᠬᠠᠮᠲᠤ ᠪᠠᠷ ᠬᠠᠶᠢᠨ ᠰᠦᠪᠡᠭᠴᠢᠯᠡᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠨᠡᠩ ᠣᠯᠠᠨ ᠣᠯᠠᠨ | ᠲᠦᠮᠡᠨ ᠳᠤ ᠬᠦᠷᠲᠡᠭᠡᠵᠦ᠂ ᠭᠦᠶᠡᠩ ᠤᠨ ᠠᠷᠠᠳ ᠣᠯᠠᠨ ᠳᠤ ᠡᠷᠡᠭᠦᠯ ᠮᠡᠨᠳᠦ ᠶᠢᠨ ᠠᠵᠠ ᠵᠢᠷᠭᠠᠯ ᠢ ᠬᠠᠮᠲᠤ ᠪᠠᠷ | ᠬᠦᠷᠲᠡᠭᠡᠬᠦ ᠶᠢ ᠬᠦᠰᠡᠵᠦ ᠪᠠᠶᠢᠨ᠎ᠠ ᠭᠡᠵᠡᠢ᠃ ᠬᠤᠶᠠᠷ ᠲᠠᠯ᠎ᠠ ᠪᠠᠷ ᠢᠶᠠᠨ ᠨᠡᠩ ᠣᠯᠠᠨ ᠬᠦᠷᠢᠶᠡᠨ ᠳᠤ ᠬᠠᠮᠲᠤᠷᠠᠯᠴᠠᠭ᠎ᠠ | ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ᠂ ᠬᠠᠮᠲᠤ ᠪᠠᠷ ᠬᠥᠭᠵᠢᠬᠦ ᠶᠢ ᠬᠦᠰᠡᠵᠦ ᠪᠠᠶᠢᠨ᠎ᠠ | ᠭᠡᠵᠡᠢ᠃ ᠶᠠᠩ ᠽᠢ ᠵᠢᠶᠠᠩ ᠡᠮ ᠤᠨ ᠦᠢᠯᠡᠰ ᠤᠨ ᠪᠦᠯᠦᠭᠯᠡᠯ ᠪᠣᠯᠤᠨ ᠭᠦᠶᠡᠩ ᠤᠨ ᠭᠠᠷ ᠬᠤᠯᠪᠣᠯᠴᠠᠭᠰᠠᠨ ᠶᠠᠪᠤᠳᠠᠯ | ᠪᠣᠯ ︽ᠬᠤᠪᠢᠰᠬᠠᠯ ᠤᠨ ᠤᠳᠤᠮᠰᠢᠯ︾ ᠪᠣᠯᠤᠨ ︽ᠡᠮ ᠡᠮᠨᠡᠯᠭᠡ ᠶᠢᠨ ᠬᠠᠶᠢᠷ᠎ᠠ ᠰᠡᠳᠬᠢᠯᠭᠡ︾ ᠶᠢᠨ ᠭᠦᠨ ᠵᠤᠵᠠᠭᠠᠨ | ᠬᠠᠶᠢᠷ᠎ᠠ ᠰᠡᠳᠬᠢᠯᠭᠡ ᠪᠣᠯᠤᠨ᠎ᠠ᠂ ︽ᠠᠵᠤ ᠦᠢᠯᠡᠰ ᠢᠶᠠᠷ ᠤᠯᠤᠰ ᠳᠠᠭᠠᠨ ᠵᠢᠳᠬᠦᠬᠦ︾ ᠪᠣᠯᠤᠨ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠡᠷᠭᠡᠪᠡᠷ ᠶᠠᠪᠤᠭᠳᠠᠬᠤ ᠶᠠᠪᠤᠳᠠᠯ ᠪᠣᠯᠤᠨ᠎ᠠ᠃ ᠬᠤᠶᠠᠷ ᠲᠠᠯ᠎ᠠ ᠪᠠᠷ ᠢᠶᠠᠨ | ᠲᠤᠰ ᠤᠳᠠᠭ᠎ᠠ ᠶᠢᠨ ᠬᠠᠮᠲᠤᠪᠠᠷ ᠪᠠᠶᠢᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ | ᠪᠠᠶᠢᠭᠤᠯᠤᠯᠲᠠ ᠪᠠᠷ ᠪᠢᠷ ᠪᠣᠯᠭᠠᠵᠤ᠂ ᠪᠣᠳᠠᠲᠠᠢ ᠠᠵᠢᠯᠯᠠᠬᠤ ᠪᠠᠷ ᠰᠡᠳᠦᠪ ᠪᠣᠯᠭᠠᠵᠤ᠂ ᠵᠠᠰᠠᠭ ᠠᠵᠤ ᠠᠬᠤᠶᠢᠯᠠᠯ | ᠬᠠᠮᠲᠤᠷᠠᠯᠴᠠᠬᠤ᠂ ᠠᠵᠤ ᠦᠢᠯᠡᠰ ᠬᠠᠮᠲᠤᠪᠠᠷ ᠬᠥᠭᠵᠢᠬᠦ᠂ ᠠᠷᠠᠳ ᠤᠨ ᠠᠮᠢᠳᠤᠷᠠᠯ ᠢ ᠬᠠᠮᠲᠤᠪᠠᠷ ᠲᠡᠭᠡᠭᠰᠢᠯᠡᠭᠦᠯᠬᠦ | ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠬᠡᠵᠡᠢ︕ | |