ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠤᠭᠤᠲᠤ ᠬᠤᠲᠠ ᠶᠢᠨ ᠭᠦᠶᠡᠩ ᠰᠢᠶᠠᠨ ᠤ ᠵᠢᠶᠠ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠲ᠋ᠠᠬᠠᠶ ᠲᠡᠮᠦᠷ ᠤᠨ ᠠᠭᠤᠷᠬᠠᠶ ᠪᠠ ᠪᠤᠭᠤᠲᠤ ᠬᠤᠲᠠ ᠶᠢᠨ ᠭᠦᠶᠡᠩ ᠰᠢᠶᠠᠨ ᠤ ᠪᠠᠢ ᠱᠢ ᠭᠸᠦ ᠲᠡᠮᠦᠷ ᠤᠨ ᠠᠭᠤᠷᠬᠠᠶ ᠶᠢ ᠬᠠᠤᠯᠢ ᠶᠣᠰᠣᠭᠠᠷ ᠬᠠᠭᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/3/19
    ᠮᠠᠨ ᠤ ᠰᠢᠶᠠᠨ ᠤ ᠨᠡᠭᠦᠷᠡᠰᠦᠨ ᠤ ᠪᠤᠰᠤ ᠠᠭᠤᠷᠬᠠᠶ ᠶᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠭᠤᠷᠬᠠᠶ ᠶᠢᠨ ᠠᠵᠤ ᠠᠬᠤᠶᠢᠯᠠᠯ ᠢ ᠬᠠᠭᠠᠭᠰᠠᠨ ᠵᠠᠯᠭᠠᠮᠵᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠠᠭᠤᠷᠬᠠᠶ ᠶᠢᠨ ᠠᠵᠤ ᠠᠬᠤᠶᠢᠯᠠᠯ ᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠷ ᠬᠠᠭᠠᠵᠤ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠬᠤ ᠬᠤᠯᠪᠣᠭᠳᠠᠯ ᠪᠥᠬᠦᠶ ᠠᠵᠢᠯ ᠤᠨ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠵᠠᠬᠢᠳᠠᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠵᠠᠬᠢᠳᠠᠯ ﹇2019﹈ 1574 ᠳ᠋ᠦ᠋ᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠠᠭᠤᠷᠬᠠᠶ ᠶᠢᠨ ᠦᠢᠯᠡᠰ ᠤᠨ ᠡᠷᠬᠡ ᠶᠢ ᠦᠷᠭᠦᠯᠵᠢᠯᠡᠭᠦᠯᠬᠦ᠂ ᠦᠯᠡᠳᠡᠭᠡᠬᠦ᠂ ᠬᠦᠴᠦᠨ ᠥᠬᠡᠶ ᠪᠣᠯᠭᠠᠬᠤ ᠵᠡᠷᠭᠡ ᠪᠦᠷᠢᠳᠬᠡᠨ ᠳᠠᠩᠰᠠᠯᠠᠬᠤ ᠵᠦᠢᠯᠡᠰ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ [2020] 176 ᠳ᠋ᠤᠭᠠᠷ ᠲᠣᠭᠠᠲᠤ︶ ᠪᠠ ︽ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠢᠳᠪᠦᠷᠢᠯᠡᠬᠦ ᠡᠬᠡ ᠲᠠᠩᠰᠠ ᠶᠢ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠬᠦᠴᠦᠨ ᠥᠬᠡᠶ ᠪᠣᠯᠭᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ﹇2020﹈ 86 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠭᠦᠶᠡᠩ ᠰᠢᠶᠠᠨ ᠤ ᠵᠢᠶᠠ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠢᠲᠠᠬᠠᠢ ᠲᠡᠮᠦᠷ ᠤᠨ ᠠᠭᠤᠷᠬᠠᠶ᠂ ᠪᠤᠭᠤᠲᠤ ᠬᠤᠲᠠ ᠶᠢᠨ ᠭᠦᠶᠡᠩ ᠰᠢᠶᠠᠨ ᠤ ᠪᠠᠶ ᠱᠢ ᠭᠸᠦ ᠲᠡᠮᠦᠷ ᠤᠨ ᠠᠭᠤᠷᠬᠠᠶ ᠶᠢ ᠬᠠᠤᠯᠢ ᠶᠣᠰᠣᠭᠠᠷ ᠬᠠᠭᠠᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠠᠭᠤᠷᠬᠠᠢ ᠶᠢᠨ ᠨᠡᠷᠡᠰ ᠢ ᠬᠠᠭᠠᠭᠰᠠᠨ    1᠂ ᠪᠤᠭᠤᠲᠤ ᠬᠤᠲᠠ ᠶᠢᠨ ᠭᠦᠶᠡᠩ ᠰᠢᠶᠠᠨ ᠶᠢᠨ ᠵᠢᠶᠠ ᠯᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦ ᠲᠠ ᠬᠠᠢ ᠲᠡᠮᠦᠷ ᠤᠨ ᠠᠭᠤᠷᠬᠠᠢ᠂ ᠠᠭᠤᠷᠬᠠᠢ ᠮᠠᠯᠲᠠᠬᠤ ᠵᠥᠪᠰᠢᠶᠡᠷᠡᠯ ᠤᠨ ᠨᠣᠮᠧᠷ᠄ C15000010 1212010 3570    2. ᠪᠤᠭᠤᠲᠤ ᠬᠤᠲᠠ ᠶᠢᠨ ᠭᠦᠶᠡᠩ ᠰᠢᠶᠠᠨ ᠤ ᠪᠠᠶ ᠱᠢ ᠭᠸᠦ ᠲᠡᠮᠦᠷ ᠤᠨ ᠠᠭᠤᠷᠬᠠᠶ ᠮᠠᠯᠲᠠᠬᠤ ᠵᠥᠪᠰᠢᠶᠡᠷᠡᠯ ᠤᠨ ᠨᠣᠮᠧᠷ᠄ C1500002014 ᠣᠨ ᠤ 10105688    ᠬᠤᠶᠠᠷ᠂ ᠬᠠᠮᠢᠶ᠎ᠠ ᠪᠥᠬᠦᠶ ᠱᠠᠭᠠᠷᠳᠠᠯᠭ᠎ᠠ    ︵ᠨᠢᠭᠡ︶ ᠲᠣᠰ ᠠᠯᠪᠠᠨ ᠵᠠᠷ ᠢ ᠬᠠᠭᠠᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠠᠭᠤᠷᠬᠠᠶ ᠶᠢᠨ ᠠᠵᠤ ᠠᠬᠤᠶᠢᠯᠠᠯ ᠨᠢ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠠᠭᠤᠷᠬᠠᠶ ᠮᠠᠯᠲᠠᠬᠤ ᠡᠷᠬᠡ ᠶᠢ ᠬᠦᠴᠦᠨ ᠥᠬᠡᠶ ᠪᠣᠯᠭᠠᠬᠤ ᠳᠡᠩᠰᠡᠯᠡᠯᠲᠡ ᠶᠢ ᠬᠠᠤᠯᠢ ᠶᠣᠰᠣᠭᠠᠷ ᠭᠤᠶᠤᠴᠢᠯᠠᠨ ᠭᠦᠢᠴᠡᠳᠬᠡᠨ᠎ᠡ᠃    ︵ᠬᠤᠶᠠᠷ ︶ ᠬᠠᠷᠢᠶ᠎ᠠ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠠᠭᠤᠷᠬᠠᠢ ᠶᠢᠨ ᠡᠭᠦᠳᠡ ᠶᠢ ᠬᠠᠭᠠᠬᠤ ᠬᠠᠮᠢᠶ᠎ᠠ ᠪᠦᠬᠦᠢ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃    ︵ᠭᠤᠷᠪᠠ︶ ᠲᠣᠰ ᠠᠯᠪᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠤᠤᠯ ᠤᠨ ᠠᠭᠤᠷᠬᠠᠶ ᠮᠠᠯᠲᠠᠬᠤ ᠡᠷᠬᠡᠲᠦ ᠬᠥᠮᠦᠨ ᠨᠢ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢ ᠰᠡᠷᠭᠦᠭᠡᠬᠦ ᠵᠡᠷᠭᠡ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠪᠡᠶᠡᠯᠡᠭᠦᠯᠦᠨ᠎ᠡ᠃    ᠣᠨᠴᠠᠭᠠᠶᠢᠯᠠᠨ ᠵᠠᠷᠯᠠᠨ ᠨᠡᠶᠢᠲᠡᠯᠡᠪᠡ᠃                           ᠭᠦᠶᠡᠩ ᠰᠢᠶᠠᠨ ᠤ ᠠᠷᠠᠳ ᠤᠨ ᠵᠠᠰᠠᠭ ᠤᠨ ᠣᠷᠳᠣᠨ                             2025 ᠣᠨ ᠤ 3 ᠰᠠᠷ᠎ᠠ ᠶᠢᠨ 18 ᠤ ᠡᠳᠦᠷ
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号