ᠲᠥᠪ ᠤᠨ ᠲᠠᠯ᠎ᠠ ᠠᠴᠠ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠤᠰᠬᠠᠢ ᠠᠵᠢᠯ ᠪᠣᠯᠭᠠᠪᠠ | ᠲᠣᠭᠲᠠᠴᠠ ᠶᠢᠨ ᠠᠯᠪᠠᠨ ᠭᠡᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ 3 | ᠤᠳᠠᠭ᠎ᠠ ᠶᠢᠨ ᠴᠡᠭᠴᠡᠯᠡᠨ | ᠬᠡᠯᠪᠡᠷᠢ ᠶᠢᠨ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠨᠡᠶᠢᠲᠡᠯᠢᠭ ᠠᠰᠠᠭᠤᠳᠠᠯ | | | ᠲᠦᠷᠦᠭᠦᠬᠡᠨ᠂ ᠲᠥᠪ ᠤᠨ ᠲᠠᠰ ᠳᠠᠪᠬᠤᠷᠭ᠎ᠠ ᠶᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠠᠯᠪᠠᠨ ᠭᠡᠷ ᠠᠴᠠ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠲᠠᠢ ᠬᠠᠮᠲᠤᠷᠠᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ 3 ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ ᠪᠣᠳᠠᠲᠠᠢ ᠪᠠᠷ ᠬᠡᠯᠡᠪᠡᠯ | ᠳᠣᠣᠷᠠᠬᠢ ᠮᠡᠲᠦ᠄ | 1. ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠮᠡᠷᠭᠡᠵᠢᠯ ᠤᠨ ᠵᠢᠭᠠᠨ ᠵᠢᠯᠤᠭᠤᠳᠬᠤ | ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠦᠨᠳᠦᠰᠦᠨ ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ | ᠬᠢᠬᠦ ᠳᠡᠭᠡᠨ ᠱᠠᠲᠤ ᠱᠠᠲᠤ ᠪᠠᠷ ᠣᠯᠠᠨ ᠬᠥᠮᠥᠨ ᠪᠠᠷ᠎ᠠ ᠪᠣᠯᠵᠤ ᠪᠠᠶᠢᠨ᠎ᠠ᠃ 2024 ᠣᠨ ᠤ 10 ᠰᠠᠷ᠎ᠠ ᠶᠢᠨ 16 ᠤ | ᠡᠳᠦᠷ ᠠᠴᠠ 18 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ | ᠮᠡᠷᠭᠡᠵᠢᠯ ᠤᠨ ᠵᠢᠭᠠᠨ ᠵᠢᠯᠤᠭᠤᠳᠬᠤ ᠲᠥᠪ ᠤᠨ 3 ᠬᠥᠮᠥᠨ ᠨᠢᠭᠡᠨ ᠮᠤᠵᠢ ᠶᠢᠨ ᠬᠤᠶᠠᠷ ᠰᠢᠶᠠᠨ ᠲᠣᠭᠤᠷᠢᠭ ᠲᠤ ᠬᠦᠷᠴᠦ | ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠪᠠᠶᠢᠴᠠᠭᠠᠨ | ᠰᠤᠳᠤᠯᠤᠯᠲᠠ ᠬᠢᠪᠡ᠃ ᠡᠨᠡ ᠬᠤᠭᠤᠴᠠᠭᠠᠨ ᠳᠤ᠂ ᠦᠨᠳᠦᠰᠦᠨ ᠱᠠᠲᠤᠨ ᠤ ᠪᠠᠷ᠎ᠠ ᠪᠣᠯᠣᠭᠰᠠᠳ ᠤᠨ ᠲᠤᠭ᠎ᠠ ᠶᠢᠨ | ᠪᠣᠭᠤᠮᠲᠠ ᠶᠢ ᠴᠢᠩᠭ᠎ᠠ ᠠᠳᠬᠤᠭᠰᠠᠨ ᠢᠶᠠᠷ ᠳᠤᠲᠠᠮᠠᠭ ᠪᠠᠶᠢᠵᠤ᠂ ᠮᠤᠵᠢ᠂ ᠬᠤᠲᠠ᠂ ᠰᠢᠶᠠᠨ᠂ ᠰᠢᠶᠠᠩ ᠳᠤ ᠱᠠᠲᠤ | ᠱᠠᠲᠤ ᠪᠠᠷ ᠣᠯᠠᠨ ᠬᠥᠮᠥᠨ ᠪᠠᠷ᠎ᠠ ᠪᠣᠯᠵᠤ᠂ ᠵᠠᠷᠢᠮ ᠳᠠᠭᠠᠨ ᠨᠢᠭᠡ ᠪᠠᠶᠢᠴᠠᠭᠠᠨ ᠰᠤᠳᠤᠯᠬᠤ ᠭᠠᠵᠠᠷ ᠲᠤ 10 ᠰᠢᠬᠠᠮ | ᠬᠥᠮᠥᠨ ᠳᠤ ᠪᠠᠷ᠎ᠠ ᠪᠣᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠦᠭᠰᠡᠨ ᠪᠠᠶᠢᠨ᠎ᠠ᠃ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠤᠰ ᠤᠨ ᠲᠡᠦᠬᠡ ᠰᠣᠶᠣᠯ ᠤᠨ ᠨᠡᠷᠡᠳᠦ ᠬᠤᠳᠠ᠂ ᠮᠢᠩ ᠴᠢᠩ ᠤᠨ | ᠡᠷᠲᠡᠨ ᠤ ᠵᠡᠭᠡᠯᠢ᠂ ᠮᠢᠩᠭᠠᠨ ᠣᠨ ᠤ ᠡᠷᠲᠡᠨ ᠤ ᠬᠤᠳᠠ ᠶᠢᠨ ᠬᠡᠷᠡᠮ ᠵᠡᠷᠭᠡ ᠶᠢ ᠪᠠᠶᠢᠴᠠᠭᠠᠨ ᠰᠤᠳᠤᠯᠵᠤ᠂ ᠵᠠᠷᠢᠮ ᠪᠠᠶᠢᠴᠠᠭᠠᠨ | ᠰᠤᠳᠤᠯᠬᠤ ᠴᠡᠭ ᠨᠢ ᠪᠠᠶᠢᠴᠠᠭᠠᠨ ᠰᠤᠳᠤᠯᠬᠤ ᠭᠤᠣᠯ ᠰᠡᠳᠦᠪ ᠲᠠᠢ ᠢᠯᠡᠳᠲᠡ ᠨᠡᠶᠢᠴᠡᠬᠦ ᠦᠭᠡᠢ ᠪᠠᠶᠢᠨ᠎ᠠ᠃ | 2. ᠳᠤᠮᠳᠠᠳᠤ ᠤᠯᠤᠰ ᠤᠨ ᠰᠤᠷᠤᠭᠴᠢᠳ ᠤᠨ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢ ᠠᠬᠢᠭᠤᠯᠬᠤ ᠨᠡᠶᠢᠭᠡᠮᠯᠢᠭ | ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠳᠤ ᠬᠦᠷᠭᠡᠬᠦ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ ᠬᠤᠪᠢ | ᠣᠯᠭᠤᠬᠤ ᠪᠠᠷᠢᠮᠵᠢᠶ᠎ᠠ ᠶᠠᠷᠰᠢᠭ ᠲᠦᠪᠡᠭᠲᠡᠢ ᠪᠣᠯᠬᠤᠷ ᠦᠨᠳᠦᠰᠦᠨ ᠱᠠᠲᠤᠨ ᠳᠤ ᠶᠡᠭᠡ ᠬᠡᠮᠵᠢᠶᠡᠨ ᠤ ᠭᠡᠷᠡᠴᠢᠯᠡᠬᠦ ᠮᠠᠲ᠋ᠧᠷᠢᠶᠠᠯ | ᠬᠠᠩᠭᠠᠬᠤ ᠴᠢᠬᠤᠯᠠᠲᠠᠢ ᠪᠠᠶᠢᠨ᠎ᠠ᠃ 2024 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠰᠣᠷᠣᠭᠴᠢ ᠶᠢᠨ ᠰᠢᠮ᠎ᠡ | ᠲᠡᠵᠢᠭᠡᠯ ᠬᠢᠭᠡᠳ ᠡᠷᠡᠭᠦᠯ ᠮᠡᠨᠳᠦ ᠶᠢ ᠠᠬᠢᠭᠤᠯᠬᠤ ᠨᠡᠶᠢᠭᠡᠮᠯᠢᠭ ᠠᠴᠠ ᠲᠣᠭᠲᠠᠭᠠᠯ ᠢ ᠵᠥᠷᠢᠴᠡᠨ ᠡᠯ᠎ᠡ ᠮᠤᠵᠢ ᠣᠷᠣᠨ | ᠬᠤᠲᠠ ᠶᠢᠨ ᠬᠤᠯᠪᠣᠭᠳᠠᠯ ᠪᠦᠬᠦᠢ ᠨᠢᠭᠡᠴᠡ ᠳᠤ ᠮᠡᠳᠡᠭᠳᠡᠯ ᠪᠠᠭᠤᠯᠭᠠᠵᠤ᠂ 2025 ᠣᠨ ᠤ ︽ᠰᠢᠮ᠎ᠡ ᠲᠡᠵᠢᠭᠡᠯ ᠬᠢᠭᠡᠳ | ᠡᠷᠡᠭᠦᠯ ᠮᠡᠨᠳᠦ ᠶᠢᠨ ᠰᠤᠷᠭᠠᠭᠤᠯᠢ ︵ᠬᠡᠦᠬᠡᠳ ᠤᠨ ᠴᠡᠴᠡᠷᠯᠢᠭ︶︾ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ | ᠰᠢᠯᠭᠠᠷᠠᠭᠤᠯᠬᠤ ᠪᠠᠷ ᠮᠡᠳᠡᠭᠦᠯᠬᠦ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠡᠯ᠎ᠡ ᠮᠤᠵᠢ ᠣᠷᠣᠨ ᠬᠤᠲᠠ ᠶᠢᠨ ᠬᠤᠯᠪᠣᠭᠳᠠᠯ | ᠪᠦᠬᠦᠢ ᠪᠠᠶᠢᠭᠤᠯᠤᠮᠵᠢ ᠶᠢ ᠲᠤᠬᠠᠢ ᠶᠢᠨ ᠭᠠᠵᠠᠷ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ | ᠬᠢᠨᠠᠨ ᠰᠢᠯᠭᠠᠷᠠᠭᠤᠯᠬᠤ ᠪᠠᠷ ᠮᠡᠳᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠵᠢᠯ ᠪᠦᠷᠢ ᠪᠠᠷᠢᠮᠵᠢᠶ᠎ᠠ ᠳᠤ ᠬᠦᠷᠦᠭᠰᠡᠨ | ᠰᠤᠷᠭᠠᠭᠤᠯᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠬᠦ ᠪᠠᠷ ᠳᠤᠷᠠᠳᠤᠭᠰᠠᠨ ᠪᠠᠶᠢᠨ᠎ᠠ᠃ ᠬᠤᠪᠢ | ᠲᠣᠭᠲᠠᠭᠠᠬᠤ ᠪᠠᠷᠢᠮᠵᠢᠶ᠎ᠠ ᠶᠠᠷᠰᠢᠭ ᠲᠦᠪᠡᠭᠲᠡᠢ᠂ ᠡᠭᠦᠨ ᠳᠤ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢᠨ | ᠰᠤᠷᠭᠠᠭᠤᠯᠢ ᠶᠢᠨ ᠬᠤᠪᠢ ᠲᠣᠭᠲᠠᠭᠠᠬᠤ ᠬᠦᠰᠦᠨᠦᠭᠲᠦ ᠳᠤ ᠨᠡᠶᠢᠲᠡ 8 ᠶᠡᠭᠡ ᠲᠥᠷᠥᠯ ᠤᠨ 39 ᠵᠦᠢᠯ ᠤᠨ ᠠᠭᠤᠯᠭ᠎ᠠ᠂ | 117 ᠵᠦᠢᠯ ᠤᠨ ᠬᠤᠪᠢ ᠲᠣᠭᠲᠠᠭᠠᠬᠤ ᠪᠠᠷᠢᠮᠵᠢᠶ᠎ᠠ ᠶᠢ ᠪᠠᠭᠲᠠᠭᠠᠵᠤ᠂ ᠭᠦᠢᠴᠡᠳᠬᠡᠯ ᠲᠤᠭ᠎ᠠ ᠶᠢᠨ ᠲᠠᠰ ᠳᠠᠪᠬᠤᠷᠭ᠎ᠠ ᠨᠢ 3 | ᠲᠠᠰ ᠲᠤ ᠭᠦᠷᠦᠭᠰᠡᠨ ᠪᠠᠶᠢᠨ᠎ᠠ᠃ ᠳᠤᠮᠳᠠᠳᠤ ᠤᠯᠤᠰ ᠤᠨ ᠰᠣᠷᠣᠭᠴᠢ ᠶᠢᠨ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢ | ᠠᠬᠢᠭᠤᠯᠬᠤ ᠨᠡᠶᠢᠭᠡᠮᠯᠢᠭ ᠠᠴᠠ ᠳᠡᠭᠡᠭᠰᠢᠬᠢ ᠬᠢᠳᠡᠯ ᠨᠢ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠤᠨ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠬᠦ ᠪᠠ | ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠵᠢᠷᠤᠮᠵᠢᠭᠤᠯᠬᠤ᠂ ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠶᠢ ᠨᠢᠭᠡᠳᠦᠯᠲᠡᠢ | ᠲᠥᠯᠥᠪᠯᠡᠨ ᠵᠢᠷᠤᠮᠵᠢᠭᠤᠯᠬᠤ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠢᠯᠡᠳᠲᠡ ᠵᠥᠷᠢᠴᠡᠭᠰᠡᠨ ᠪᠠᠶᠢᠨ᠎ᠠ᠃ | 3. ᠭᠦᠦᠠᠩᠳᠦ᠋ᠩ ᠤᠨ ᠾᠦᠢ ᠵᠧᠦ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠡᠶᠢᠭᠡᠮ ᠤᠨ ᠬᠡᠷᠡᠭ | ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠳᠤ ᠨᠢᠭᠡᠳᠦᠯᠲᠡᠢ ᠲᠥᠯᠥᠪᠯᠡᠨ ᠵᠢᠷᠤᠮᠵᠢᠭᠤᠯᠬᠤ ᠲᠠᠯ᠎ᠠ ᠪᠠᠷ | ᠳᠤᠲᠠᠮᠠᠭ ᠪᠠᠶᠢᠵᠤ᠂ ᠲᠣᠭᠲᠠᠭᠠᠯ ᠢ ᠵᠥᠷᠢᠴᠡᠨ ᠪᠠᠷᠢᠮᠵᠢᠶ᠎ᠠ ᠳᠤ ᠬᠦᠷᠭᠡᠬᠦ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠥᠰᠥᠭ ᠵᠢᠷᠤᠬᠤ ᠵᠡᠷᠭᠡ ᠠᠵᠢᠯᠯᠠᠭ᠎ᠠ ᠥᠷᠨᠢᠭᠦᠯᠵᠦ᠂ ᠪᠠᠭᠰᠢ ᠶᠢᠨ ᠰᠤᠷᠭᠠᠨ ᠬᠥᠮᠦᠵᠢᠯ ᠤᠨ ᠪᠤᠰᠤ ᠵᠢᠭᠠᠨ ᠰᠤᠷᠭᠠᠯᠲᠠ ᠶᠢᠨ | ᠳᠠᠷᠤᠭᠠᠰᠤ ᠶᠢ ᠨᠡᠮᠡᠭᠳᠡᠭᠦᠯᠪᠡ᠃ ᠾᠦᠢᠵᠸᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ︽ᠬᠡᠯᠪᠡᠷᠢ ᠶᠢᠨ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠲᠣᠭᠲᠠᠭᠠᠯ ᠤᠳ︾ ᠢ ᠵᠥᠷᠢᠴᠡᠵᠦ᠂ ᠬᠤᠯᠪᠣᠭᠳᠠᠯ | ᠪᠦᠬᠦᠢ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠵᠣᠭᠰᠣᠭᠠᠭᠰᠠᠨ ᠦᠭᠡᠢ᠂ 2024 ᠣᠨ ᠤ 10 ᠰᠠᠷ᠎ᠠ ᠳᠤ ᠮᠥᠨ ᠬᠦ | ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠪᠠᠷᠢᠮᠵᠢᠶ᠎ᠠ ᠳᠤ ᠬᠦᠷᠭᠡᠬᠦ ᠰᠢᠯᠭᠠᠨ ᠠᠪᠬᠤ ᠠᠵᠢᠯ ᠢ ᠥᠷᠨᠢᠭᠦᠯᠵᠦ᠂ ᠰᠤᠷᠭᠠᠭᠤᠯᠢ ᠶᠢ 100 ᠭᠠᠷᠤᠢ ᠵᠦᠢᠯ ᠤᠨ ᠰᠢᠯᠭᠠᠨ | ᠠᠪᠬᠤ ᠪᠠᠷᠢᠮᠵᠢᠶ᠎ᠠ ᠲᠠᠢ ᠬᠠᠷᠢᠴᠠᠭᠤᠯᠤᠨ ᠥᠪᠡᠰᠦᠪᠡᠨ ᠦᠨᠡᠯᠡᠵᠦ ᠥᠪᠡᠰᠦᠪᠡᠨ ᠪᠠᠶᠢᠴᠠᠭᠠᠵᠤ᠂ ᠰᠠᠷ᠎ᠠ ᠪᠦᠷᠢ ᠶᠢᠨ ᠭᠠᠯ | ᠰᠡᠷᠭᠡᠶᠢᠯᠡᠬᠦ ᠪᠠᠶᠢᠴᠠᠭᠠᠯᠲᠠ᠂ ᠡᠳᠦᠷ ᠪᠦᠷᠢ ᠶᠢᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠯᠲᠠ᠂ ᠭᠠᠯ ᠤᠨᠲᠠᠷᠠᠭᠠᠬᠤ ᠠᠮᠤᠷ | ᠲᠦᠪᠰᠢᠨ ᠤ ᠬᠥᠮᠦᠵᠢᠯ ᠵᠡᠷᠭᠡ ᠡᠯ᠎ᠡ ᠲᠥᠷᠥᠯ ᠤᠨ ᠡᠬᠡ ᠲᠠᠩᠰᠠ ᠶᠢᠨ ᠮᠠᠲ᠋ᠧᠷᠢᠶᠠᠯ ᠢ ᠪᠡᠯᠡᠳᠬᠡᠬᠦ ᠬᠡᠷᠡᠭᠲᠡᠢ ᠭᠡᠵᠦ | ᠱᠠᠭᠠᠷᠳᠠᠪᠠ᠃ ᠾᠦᠢ ᠵᠧᠦ ᠬᠤᠲᠠ ᠶᠢᠨ ᠪᠥᠸᠧ ᠯᠥᠸᠧ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2024 | ᠣᠨ ᠤ 5 ᠰᠠᠷ᠎ᠠ ᠳᠤ ᠰᠤᠷᠤᠭᠴᠢᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠲᠤᠰᠬᠠᠢ ᠲᠥᠷᠥᠯ ᠤᠨ ᠠᠵᠢᠯ ᠢ | ᠥᠷᠨᠢᠭᠦᠯᠵᠦ᠂ ᠲᠤᠰᠬᠠᠢ ᠮᠡᠷᠭᠡᠵᠢᠯ ᠤᠨ ᠰᠠᠯᠠᠭ᠎ᠠ ᠮᠥᠴᠢᠷ ᠤᠨ ᠡᠭᠦᠷᠭᠡᠯᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠠᠨ | ᠰᠤᠷᠭᠠᠭᠤᠯᠢ ᠳᠤ ᠳᠠᠭᠠᠭᠠᠯᠭᠠᠨ ᠥᠭᠴᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠤᠰᠤᠨ ᠴᠥᠭᠦᠷᠥᠮ᠂ | ᠭᠤᠣᠯ ᠮᠥᠷᠡᠨ ᠨᠠᠭᠤᠷ ᠴᠥᠭᠦᠷᠥᠮ ᠵᠡᠷᠭᠡ ᠭᠤᠣᠯᠳᠠᠯᠭ᠎ᠠ ᠲᠠᠢ ᠤᠰᠤᠨ ᠣᠷᠣᠨ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠪᠠᠷ ᠲᠣᠬᠢᠷᠠᠭᠤᠯᠵᠤ᠂ ᠰᠣᠷᠣᠭᠴᠢ᠂ ᠭᠡᠷ ᠤᠨ ᠠᠬᠠᠮᠠᠳ ᠢ ᠠᠮᠠᠯᠠᠯᠲᠠ ᠶᠢᠨ ᠪᠢᠴᠢᠭ᠂ ᠬᠠᠷᠢᠭᠤᠴᠠᠯᠭ᠎ᠠ ᠶᠢᠨ | ᠪᠢᠴᠢᠭ ᠲᠤ ᠪᠠᠶᠢᠨ ᠳᠠᠬᠢᠨ ᠭᠠᠷ ᠤᠨ ᠥᠰᠥᠭ ᠵᠢᠷᠤᠬᠤ ᠶᠢ ᠱᠠᠭᠠᠷᠳᠠᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠠᠵᠢᠯ ᠤᠨ | ᠡᠬᠡ ᠲᠠᠩᠰᠠ ᠶᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ ᠪᠠ | ᠬᠠᠷᠢᠭᠤᠴᠠᠯᠭ᠎ᠠ ᠨᠡᠬᠡᠮᠵᠢᠯᠡᠬᠦ ᠶᠢᠨ ᠭᠡᠳᠡᠷᠭᠦ ᠪᠠᠶᠢᠴᠠᠭᠠᠯᠲᠠ ᠶᠢᠨ ᠴᠢᠬᠤᠯᠠ ᠦᠨᠳᠦᠰᠦᠯᠡᠯ ᠪᠣᠯᠭᠠᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠪᠤᠰᠤ ᠬᠡᠷᠡᠭ ᠶᠠᠪᠤᠳᠠᠯ᠂ ᠬᠡᠲᠦ ᠣᠷᠣᠮ ᠦᠯᠡᠳᠡᠭᠡᠬᠦ ᠱᠠᠭᠠᠷᠳᠠᠯᠭ᠎ᠠ ᠨᠢ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠦᠨᠳᠦᠷᠡᠭᠦᠯᠪᠡ᠃ | ᠳᠡᠭᠡᠷᠡᠬᠢ ᠠᠰᠠᠭᠤᠳᠠᠯ ᠤᠳ ᠨᠢ ᠵᠠᠷᠢᠮ ᠭᠠᠵᠠᠷ ᠣᠷᠣᠨ ᠪᠣᠯᠣᠨ ᠨᠢᠭᠡᠴᠡ ᠶᠢᠨ ᠬᠢᠨ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠨᠢ ᠴᠢᠩᠭ᠎ᠠ | ᠪᠣᠳᠠᠲᠠᠢ ᠪᠢᠰᠢ ᠪᠠᠶᠢᠵᠤ᠂ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠠᠭᠠᠨ ᠤᠭᠲᠤᠨ ᠠᠪᠴᠤ ᠦᠳᠡᠨ ᠮᠣᠷᠳᠠᠭᠤᠯᠵᠤ᠂ | ᠱᠠᠲᠤ ᠱᠠᠲᠤ ᠪᠠᠷ ᠪᠠᠷ᠎ᠠ ᠪᠣᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠦᠭᠡᠢ ᠪᠠᠶᠢᠵᠤ᠂ ᠦᠨᠳᠦᠰᠦᠨ ᠱᠠᠲᠤᠨ ᠤ | ᠳᠠᠷᠤᠭᠠᠰᠤ ᠶᠢ ᠨᠡᠮᠡᠭᠳᠡᠭᠦᠯᠵᠦ ᠪᠠᠶᠢᠬᠤ ᠶᠢ ᠲᠤᠰᠬᠠᠵᠠᠢ︔ ᠵᠠᠷᠢᠮ ᠨᠢ ︽ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠬᠦ ᠦᠭᠡᠢ᠂ ᠲᠣᠭᠲᠠᠭᠠᠯ ᠢ | ᠵᠥᠷᠢᠴᠡᠨ ᠦᠨᠳᠦᠰᠦᠨ ᠱᠠᠲᠤᠨ ᠳᠤ ᠬᠠᠨᠳᠤᠭᠤᠯᠤᠨ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ | ᠥᠷᠨᠢᠭᠦᠯᠵᠦ᠂ ᠦᠨᠡᠯᠡᠯᠲᠡ ᠶᠢᠨ ᠭᠦᠢᠴᠡᠳᠬᠡᠬᠦ ᠲᠤᠭ᠎ᠠ ᠶᠢ ᠣᠯᠠᠰᠢᠷᠠᠭᠤᠯᠵᠤ᠂ ᠦᠨᠳᠦᠰᠦᠨ ᠱᠠᠲᠤᠨ ᠳᠤ ᠶᠡᠭᠡ ᠬᠡᠮᠵᠢᠶᠡᠨ ᠤ | ᠭᠡᠷᠡᠴᠢᠯᠡᠬᠦ ᠮᠠᠲ᠋ᠧᠷᠢᠶᠠᠯ ᠬᠠᠩᠭᠠᠵᠤ᠂ ᠠᠯᠪᠠᠨ ᠪᠢᠴᠢᠭ ᠢ ᠡᠷᠬᠢᠮᠯᠡᠬᠦ ᠦᠵᠡᠯ ᠪᠠ ᠶᠠᠷᠰᠢᠭ ᠲᠦᠪᠡᠭᠲᠡᠢ ᠭᠦᠨ ᠤᠬᠠᠭᠠᠨ ᠢ | ᠬᠡᠷᠡᠭᠵᠢᠭᠦᠯᠬᠦ ᠶᠢ ᠱᠠᠭᠠᠷᠳᠠᠵᠤ ᠪᠠᠶᠢᠨ᠎ᠠ; ᠵᠠᠷᠢᠮ ᠨᠢ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠳᠤ ᠨᠢᠭᠡᠳᠦᠯᠲᠡᠢ ᠲᠥᠯᠥᠪᠯᠡᠬᠦ ᠠᠵᠢᠯ ᠢ ᠰᠠᠶᠢᠨ ᠬᠢᠭᠰᠡᠨ ᠦᠭᠡᠢ ᠠᠴᠠ ᠪᠣᠯᠵᠤ᠂ ᠰᠤᠷᠭᠠᠭᠤᠯᠢ ᠨᠢ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠪᠤᠰᠤ ᠴᠢᠬᠤᠯᠠ ᠪᠤᠰᠤ ᠡᠭᠦᠷᠭᠡ ᠶᠢ ᠳᠡᠩᠳᠡᠭᠦᠦ ᠣᠯᠠᠨ ᠡᠭᠦᠷᠭᠡᠯᠡᠵᠡᠢ᠃ | ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠠ ︽ᠬᠡᠯᠪᠡᠷᠢ ᠶᠢᠨ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠲᠣᠭᠲᠠᠭᠠᠯ ᠤᠳ︾ ᠪᠣᠯ ᠡᠷᠬᠡᠪᠰᠢ ᠴᠢᠩᠭ᠎ᠠ ᠵᠢᠷᠤᠮᠯᠠᠬᠤ | ᠬᠡᠷᠡᠭᠲᠡᠢ ᠲᠡᠮᠦᠷ ᠮᠡᠲᠦ ᠬᠠᠲᠠᠭᠤ ᠳᠦᠷᠢᠮ ᠲᠣᠭᠲᠠᠭᠠᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠪᠣᠯᠣᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠣᠭᠲᠠᠭᠠᠯ ᠤᠳ︾ ᠢ ᠴᠢᠩᠭ᠎ᠠ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠥᠰᠢᠯᠳᠦᠨ ᠵᠥᠷᠢᠴᠡᠭᠰᠡᠨ᠂ | ᠳᠠᠯᠳᠠᠭᠤᠷ ᠣᠨᠳᠣᠣᠰᠢᠭᠰᠠᠨ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠳᠡᠭᠡᠳᠦ | ᠱᠠᠲᠤᠨ ᠤ ᠢᠯᠡᠷᠡᠯ ᠳᠤ ᠬᠠᠯᠠᠮᠰᠢᠭᠰᠠᠨ᠂ ᠳᠣᠣᠷᠠᠳᠤ ᠱᠠᠲᠤᠨ ᠳᠤ ᠬᠠᠷᠢᠭᠤᠴᠠᠬᠤ ᠦᠭᠡᠢ᠂ ᠪᠣᠳᠠᠲᠤ ᠦᠷ᠎ᠡ ᠪᠦᠲᠦᠮᠵᠢ ᠶᠢ | ᠪᠣᠳᠣᠯᠬᠢᠯᠠᠬᠤ ᠦᠭᠡᠢ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠥᠷᠭᠡᠨ ᠤᠯᠠᠨ ᠦᠨᠳᠦᠰᠦᠨ | ᠱᠠᠲᠤᠨ ᠤ ᠺᠠᠳ᠋ᠷᠴᠤᠳ ᠢ ᠵᠠᠷᠢᠮ ᠬᠡᠷᠡᠭ ᠦᠭᠡᠢ ᠬᠡᠷᠡᠭ ᠶᠠᠪᠤᠳᠠᠯ ᠠᠴᠠ ᠠᠩᠭᠢᠵᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ᠂ ᠤᠯᠠᠨ ᠲᠦᠮᠡᠨ ᠳᠤ ᠦᠢᠯᠡᠴᠢᠯᠡᠬᠦ ᠨᠡᠩ ᠤᠯᠠᠨ ᠴᠠᠭ ᠪᠠ ᠤᠶᠤᠨ ᠴᠢᠳᠠᠯ ᠲᠠᠢ ᠪᠣᠯᠭᠠᠬᠤ ᠬᠡᠷᠡᠭᠲᠡᠢ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠣᠳ ᠰᠢᠰᠲ᠋ᠧᠮ ᠤᠨ ᠬᠦᠷᠢᠶ᠎ᠡ᠂ ᠠᠵᠢᠯ ᠲᠥᠷᠥᠯ ᠤᠨ ᠨᠡᠶᠢᠭᠡᠮᠯᠢᠭ ᠤᠨ | ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠳᠤ | ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠡᠬᠢ ᠡᠭᠦᠰᠦᠯ ᠠᠴᠠ ᠨᠢ | ᠬᠥᠩᠭᠡᠷᠡᠭᠦᠯᠬᠦ ᠬᠡᠷᠡᠭᠲᠡᠢ᠃ ᠴᠡᠭᠴᠡᠯᠡᠨ ᠵᠠᠰᠠᠵᠤ ᠴᠡᠭᠴᠡᠯᠡᠨ ᠵᠠᠰᠠᠬᠤ︽ᠰᠡᠭᠦᠯᠴᠢ ᠶᠢᠨ ᠬᠠᠭᠠᠰ ᠵᠣᠬᠢᠶᠠᠯ︾ ᠋ ᠢ ᠰᠠᠶᠢᠲᠤᠷ | ᠬᠢᠵᠦ᠂ ᠪᠦᠬᠦ ᠶᠠᠪᠤᠴᠠ ᠶᠢ ᠮᠥᠷᠳᠡᠨ ᠵᠢᠯᠤᠭᠤᠳᠬᠤ ᠪᠠᠨ ᠴᠢᠩᠭᠠᠳᠬᠠᠵᠤ᠂ ᠦᠨᠡᠨᠬᠦ ᠪᠣᠳᠠᠲᠠᠢ ᠲᠠᠢ ᠬᠠᠯᠳᠠᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠳᠡᠭᠡᠷ᠎ᠡ | ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ᠃ | | | |