3 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠣᠣ ᠵᠢᠶᠦ᠋ᠨ ᠵᠢᠶᠧ ᠭᠦᠶᠡᠩ | ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ | ᠬᠠᠮᠢᠶᠠᠷᠤᠯᠲᠠ ᠶᠢᠨ ᠲᠥᠪ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠵᠢᠨᠱᠠᠨ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠤᠨ ᠶᠢᠨ ᠰᠢᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | ᠶᠣᠣ ᠵᠢᠶᠦ᠋ᠨ ᠵᠢᠶᠧ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠢᠨᠠᠨ ᠬᠠᠮᠢᠶᠠᠷᠤᠯᠲᠠ ᠶᠢᠨ ᠲᠠᠪᠴᠠᠩ ᠤᠨ | ᠰᠢᠰᠲ᠋ᠧᠮ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠵᠢᠷᠤᠭ | ᠳᠦᠷᠰᠦ ᠶᠢᠨ ᠣᠨᠣᠰᠢᠯᠠᠬᠤ ᠲᠥᠪ᠂ ᠡᠷᠡᠭᠦᠯ ᠬᠠᠮᠠᠭᠠᠯᠠᠯ ᠤᠨ ᠬᠤᠷᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠵᠡᠷᠭᠡ | ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ᠂ | ᠡᠪᠡᠳᠴᠢᠲᠡᠨ ᠤ ᠡᠪᠡᠳᠴᠢᠨ ᠦᠵᠡᠭᠦᠯᠬᠦ ᠶᠠᠪᠤᠴᠠ᠂ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠡᠮᠴᠢᠯᠡᠭᠡᠨ ᠤ | ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠠᠯᠤᠰ ᠠᠴᠠ | ᠬᠠᠮᠲᠤᠷᠠᠨ ᠣᠨᠣᠰᠢᠯᠠᠬᠤ ᠰᠢᠰᠲ᠋ᠧᠮ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠠᠷᠢᠨ ᠠᠰᠠᠭᠤᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ | | ᠶᠣᠣ ᠵᠢᠶᠦ᠋ᠨ ᠵᠢᠶᠧ ᠴᠢᠬᠤᠯᠠᠴᠢᠯᠠᠭᠰᠠᠨ ᠨᠢ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢ ᠪᠠᠶᠢᠭᠤᠯᠬᠤ ᠪᠣᠯ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ | ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠢᠳᠡ ᠡᠷᠬᠡᠪᠰᠢ ᠠᠷᠠᠳ ᠲᠦᠮᠡᠨ ᠤ ᠡᠷᠡᠭᠦᠯ | ᠮᠡᠨᠳᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠢ | ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠢᠷ ᠠᠰᠠᠭᠤᠳᠠᠯ ᠪᠠ | ᠲᠦᠭᠵᠢᠷᠡᠯ ᠢ ᠨᠡᠪᠲᠡᠷᠡᠭᠦᠯᠵᠦ᠂ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠨᠢᠭᠡ ᠳᠤ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠯᠡᠭᠦᠯᠬᠦ ᠬᠡᠷᠡᠭᠲᠡᠶ᠃ ᠳᠡᠭᠡᠳᠦ ᠳᠣᠣᠷᠠᠳᠤ ᠱᠠᠲᠤ | ᠬᠤᠯᠪᠣᠭᠠᠯᠠᠨ ᠬᠥᠳᠡᠯᠦᠯᠴᠡᠬᠦ᠂ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠲᠡᠷᠡᠭᠦᠯᠬᠦ ᠶᠢ ᠲᠡᠭᠦᠯᠳᠡᠷᠵᠢᠭᠦᠯᠵᠦ᠂ | ᠠᠰᠢᠭ ᠲᠤᠰᠠ ᠶᠢ ᠨᠢᠭᠲᠠ ᠬᠤᠯᠪᠣᠬᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠡᠬᠢ ᠪᠠᠶᠠᠯᠢᠭ ᠤᠨ ᠭᠦᠢᠯᠭᠡᠭᠡ ᠶᠢ ᠬᠠᠮᠲᠤ ᠪᠠᠷ ᠡᠳ᠋ᠯᠡᠬᠦ᠂ ᠮᠡᠳᠡᠭᠡ ᠵᠠᠩᠭᠢ ᠶᠢᠨ ᠬᠤᠯᠪᠣᠯᠳᠤᠨ | ᠨᠡᠪᠲᠡᠷᠡᠯᠴᠡᠬᠦ᠂ ᠬᠥᠮᠥᠨ ᠤ ᠡᠳ᠋ ᠪᠣᠳᠠᠰ ᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠵᠢᠭᠦᠯᠬᠦ ᠶᠢ | ᠠᠬᠢᠭᠤᠯᠤᠨ᠎ᠠ᠃ ᠬᠤᠶᠠᠷ ᠲᠤ᠂ ᠪᠣᠳᠠᠲᠠᠢ ᠳᠤ ᠰᠠᠭᠤᠷᠢᠯᠠᠨ ᠦᠢᠯᠡᠴᠢᠯᠡᠭᠡ ᠪᠠᠨ ᠳᠡᠭᠡᠭᠰᠢᠯᠡᠭᠦᠯᠬᠦ ᠬᠡᠷᠡᠭᠲᠡᠢ᠃ | ᠦᠢᠯᠡᠴᠢᠯᠡᠭᠡᠨ ᠤ ᠨᠠᠷᠢᠨ ᠵᠦᠢᠯᠡᠰ ᠢ ᠴᠢᠬᠤᠯᠠᠴᠢᠯᠠᠵᠤ᠂ ᠡᠪᠡᠳᠴᠢᠨ ᠦᠵᠡᠭᠦᠯᠬᠦ ᠴᠤᠪᠤᠷᠠᠯ ᠢ ᠰᠢᠯᠢᠳᠡᠭᠵᠢᠭᠦᠯᠦᠨ᠂ | ᠰᠢᠯᠵᠢᠭᠦᠯᠦᠨ ᠡᠮᠨᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠢᠶᠠᠨ ᠤ | ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠣᠯᠠᠨ ᠲᠦᠮᠡᠨ ᠢ ᠬᠡᠷ ᠤᠨ ᠡᠭᠦᠳᠡᠨ ᠳᠤᠨᠢ ︽ᠡᠪᠡᠳᠴᠢᠨ | ᠦᠵᠡᠭᠦᠯᠬᠦ ᠳᠤ ᠰᠠᠶᠢᠨ ᠪᠠᠶᠢᠵᠤ᠂ ᠡᠪᠡᠳᠴᠢᠨ ᠢᠶᠠᠨ ᠰᠠᠶᠢᠲᠤᠷ ᠦᠵᠡᠭᠦᠯᠬᠦ︾ ᠪᠣᠯᠭᠠᠨ᠎ᠠ᠃ ᠭᠤᠷᠪᠠ ᠳᠤ | ᠡᠮᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠠᠮᠵᠢᠯᠲᠠ ᠪᠦᠲᠦᠮᠵᠢ ᠶᠢ ᠬᠢᠨᠠᠨ | ᠰᠢᠯᠭᠠᠵᠤ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ | ᠰᠢᠯᠢᠳᠡᠭ ᠠᠮᠵᠢᠯᠲᠠ ᠪᠦᠲᠦᠮᠵᠢ ᠲᠠᠢ ᠪᠣᠯ ᠰᠠᠶᠢᠨ ᠬᠠᠷᠠᠮᠵᠢ ᠣᠯᠭᠤᠬᠤ ᠠᠵᠢᠯ ᠤᠨ ᠠᠮᠵᠢᠯᠲᠠ ᠪᠦᠲᠦᠮᠵᠢ ᠶᠢᠨ | ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠮᠴᠢᠯᠡᠭᠡ ᠶᠢᠨ ᠳᠠᠭᠠᠳᠬᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠳᠦ ᠡᠮᠴᠢᠯᠡᠭᠡᠨ ᠤ ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ | ᠡᠮᠨᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠪᠥᠬᠦ ᠰᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠢ ᠪᠠᠶᠢᠭᠤᠯᠬᠤ ᠳᠤ | ᠭᠦᠶᠡᠩ ᠤᠨ ᠬᠦᠴᠦᠨ ᠴᠢᠳᠠᠯ ᠢᠶᠠᠨ ᠡᠷᠭᠦᠨ᠎ᠡ᠃ ᠰᠢᠶᠠᠨ ᠤ ᠤᠳᠤᠷᠢᠳᠤᠯᠭ᠎ᠠ ᠯᠢ ᠷᠦᠢ᠂ ᠾᠧᠦ ᠵᠢᠶᠦ᠋ᠨ᠂ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |