ᠭᠦᠶᠡᠩ ᠰᠢᠶᠠᠨ ᠰᠢᠨ᠎ᠡ ᠴᠠᠭ ᠦᠶ᠎ᠡ ᠶᠢᠨ ︽ᠠᠭᠤᠯᠠᠷᠬᠠᠭ ᠣᠷᠣᠨ ᠤ ᠯᠤᠲᠤ ᠶᠡᠭᠡ ᠬᠤᠪᠢᠷᠠᠯᠲᠠ︾ ᠶᠢ ᠪᠢᠴᠢᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2025/3/24
    ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠠᠴᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠦᠷᠲᠡᠯ᠎ᠡ᠂ ︽ᠤᠯᠠᠮᠵᠢᠯᠠᠯᠲᠤ ᠲᠠᠷᠢᠶᠠᠯᠠᠬᠤ ᠣᠷᠣᠨ︾ ᠠᠴᠠ ︽ᠨᠣᠭᠤᠭᠠᠨ ᠡᠨᠧᠷᠭᠢ ᠶᠢᠨ ᠰᠢᠨ᠎ᠡ ᠬᠤᠲᠠ︾ ᠬᠦᠷᠲᠡᠯ᠎ᠡ᠂ ᠭᠦᠶᠡᠩ ᠬᠥᠮᠦᠨ ᠤ ᠬᠠᠪᠤᠷ ᠶᠡᠷᠦ ᠠᠴᠠ ᠬᠦᠯᠢᠶᠡᠵᠦ ᠢᠷᠡᠭᠰᠡᠨ ᠦᠭᠡᠢ᠂ ᠭᠦᠶᠡᠩ ᠤᠨ ᠭᠤᠤᠵᠢᠯᠳᠠ ᠶᠢᠨ ᠨᠢᠭᠤᠴᠠ ᠨᠣᠮᠧᠷ ᠨᠢ ᠡᠨᠡ ᠬᠦ ᠭᠠᠵᠠᠷ ᠰᠢᠷᠣᠶ ᠳᠤ ᠣᠨᠴᠠ ᠪᠠᠶᠢᠳᠠᠭ ᠤᠶᠠᠨ ᠬᠠᠳᠠᠨ ᠴᠢᠨᠠᠷ ᠲᠤ ᠬᠠᠳᠠᠭᠠᠯᠠᠭᠳᠠᠵᠠᠢ᠃ ︽ᠬᠠᠪᠤᠷ ᠢ ᠪᠤᠯᠢᠶᠠᠬᠤ︾ ᠳᠦᠷᠢ ᠪᠠᠶᠢᠳᠠᠯ ᠢᠶᠠᠷ ᠭᠦᠶᠡᠩ ᠰᠢᠶᠠᠨ ᠶᠠᠭ ᠰᠢᠨ᠎ᠡ ᠴᠠᠭ ᠦᠶ᠎ᠡ ᠶᠢᠨ ︽ᠠᠭᠤᠯᠠᠷᠬᠠᠭ ᠣᠷᠣᠨ ᠤ ᠯᠤᠲᠤ ᠶᠡᠭᠡ ᠬᠤᠪᠢᠷᠠᠯᠲᠠ︾ ᠶᠢ ᠪᠢᠴᠢᠭᠯᠡᠵᠦ ᠪᠠᠶᠢᠨ᠎ᠠ᠃    ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠨᠡᠷᠡᠨ ᠤ ᠭᠡᠷᠡᠯ ᠥᠷᠯᠥᠭᠡ ᠶᠢᠨ ᠮᠠᠨᠠᠨ ᠢ ᠨᠡᠪᠲᠡᠯᠵᠦ᠂ ᠭᠦᠶᠡᠩ ᠰᠢᠶᠠᠨ ᠤ ᠬᠤᠨᠴᠢᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠢᠭᠡ ᠳᠠᠪᠬᠤᠷ ᠠᠯᠲᠠᠨ ᠬᠥᠪᠡᠭᠡ ᠲᠠᠢ ᠪᠠᠶᠢᠪᠡ ᠃    54 ᠨᠠᠰᠤᠲᠠᠶ ᠶᠠᠩ ᠭᠤᠸᠠᠢ ᠬᠤᠨᠴᠢᠷ ᠢ ᠡᠭᠡᠭᠡᠵᠦ ᠬᠠᠲᠠᠭᠠᠭᠠᠳ᠂ ᠬᠦᠷᠢ ᠶᠢᠨ ᠭᠠᠷ ᠲᠤ ᠡᠷᠡᠬᠡᠶ ᠬᠤᠷᠤᠭᠤ ᠨᠢ ᠪᠦᠳᠦᠭᠦᠷᠡᠵᠦ᠂ ᠬᠠᠪᠤᠷ ᠤᠨ ᠣᠷᠢᠶᠠᠩᠭᠤ ᠰᠢᠭ ᠬᠠᠷᠠᠭᠳᠠᠨ᠎ᠠ᠃ ︽ᠴᠢ ᠬᠠᠷᠠᠭᠠᠴᠢ︕ ᠮᠠᠨ ᠤ ᠬᠤᠶᠢᠲᠤ ᠠᠭᠤᠯᠠᠨ ᠤ ᠭᠤᠤ ᠵᠢᠯᠠᠭ᠎ᠠ ᠲᠠᠢ ᠠᠳᠠᠯᠢ ᠦᠭᠡᠢ ᠦᠦ︖︾ ᠭᠡᠪᠡ᠃ ᠲᠣᠯᠣᠭᠠᠢ ᠪᠠᠨ ᠳᠡᠭᠡᠭᠰᠢ ᠡᠷᠭᠦᠬᠦ ᠳᠤ᠂ ᠮᠠᠩᠨᠠᠢ ᠳᠠᠬᠢ ᠦᠷᠴᠢᠯᠡᠭᠡᠰᠦᠨ ᠳᠤ ᠰᠢᠪᠠᠷ ᠰᠢᠷᠣᠢ ᠨᠢᠭᠤᠭᠳᠠᠨ ᠨᠢᠳᠤ ᠨᠢ ᠣᠳᠣᠨ ᠮᠡᠴᠢᠳ ᠰᠢᠭ ᠭᠢᠯᠠᠯᠵᠠᠨ ᠬᠠᠷᠠᠭᠳᠠᠨ᠎ᠠ᠃    ᠡᠨᠡ ᠬᠦ ᠶᠠᠳᠠᠭᠤ ᠬᠦᠴᠢᠷᠳᠡᠯᠲᠡᠢ ᠰᠦᠯᠵᠢᠶᠡᠨ ᠳᠡᠭᠡᠷ᠎ᠡ ᠲᠡᠯᠴᠢᠯᠡᠵᠦ ᠪᠠᠶᠢᠭᠰᠠᠨ ᠲᠠᠷᠢᠶᠠᠴᠢᠳ ᠨᠢ ︽ᠠᠷᠠᠳ ᠢ ᠪᠠᠶᠠᠵᠢᠭᠤᠯᠬᠤ︾ ᠳᠠᠭᠠᠭᠤᠯᠭ᠎ᠠ ᠳᠣᠣᠷ᠎ᠠ᠂ ᠬᠤᠨᠴᠢᠷ ᠲᠠᠷᠢᠬᠤ ᠡᠩᠨᠡᠭᠡ ᠳᠤ ᠤᠷᠤᠭᠰᠠᠨ ᠪᠠᠶᠢᠨ᠎ᠠ᠃ ᠶᠠᠩ ᠠᠪᠤᠭᠠᠢ ᠲᠠᠢ ᠠᠳᠠᠯᠢ ᠪᠠᠷ ᠲᠦᠭ ᠲᠦᠮᠡᠨ ᠬᠤᠶᠢᠳᠦ ᠠᠭᠤᠯᠠ ᠶᠢᠨ ᠬᠥᠮᠦᠰ ᠰᠢᠨ᠎ᠡ ᠴᠠᠭ ᠦᠶ᠎ᠡ ᠶᠢᠨ ᠬᠠᠪᠤᠷ ᠤᠨ ᠤᠷᠤᠰᠬᠠᠯ ᠳᠤ 5025 ᠲᠡᠭᠰᠢ ᠳᠥᠷᠪᠡᠯᠵᠢᠨ ᠺᠢᠯᠣᠮᠧ᠊ᠲᠷ ᠤᠨ ᠭᠠᠵᠠᠷ ᠰᠢᠷᠣᠶ ᠳᠡᠭᠡᠷᠡᠬᠢ ᠨᠣᠭᠤᠭᠠᠨ ᠬᠥᠷᠥᠰᠥ ᠶᠢᠨ ᠬᠠᠪᠤᠷ ᠤᠨ ᠨᠠᠬᠢᠶᠠᠨ ᠤ ᠠᠮᠢᠳᠤᠯᠢᠭ ᠲᠠᠶᠢᠯᠪᠤᠷᠢ ᠪᠣᠯᠤᠭᠰᠠᠨ ᠪᠠᠶᠢᠨ᠎ᠠ᠃    ᠥᠪᠥᠷ ᠮᠣᠩᠭᠤᠯ ᠤᠨ ᠵᠧᠩ ᠪᠸᠢ ᠴᠢ ᠢᠳᠡᠭᠡᠨ ᠤ ᠬᠢᠵᠠᠭᠠᠷᠲᠤ ᠺᠣᠮᠫᠠᠨᠢ ᠳᠤ ᠣᠷᠣᠬᠤ ᠳᠤ᠂ ᠤᠷᠤᠰᠬᠠᠯ ᠱᠤᠭᠤᠮ ᠤᠨ ᠰᠢᠯᠢᠳᠡᠭ ᠬᠤᠨᠴᠢᠷ ᠨᠢ ᠬᠤᠨᠴᠢᠷ ᠠᠷᠢᠬᠢ᠂ ᠬᠤᠨᠴᠢᠷ  ᠤᠨ ᠰᠢᠩᠭᠡᠨ᠂ ᠬᠤᠨᠴᠢᠷ ᠨᠢ ᠬᠡᠷᠴᠢᠮᠠᠯ ᠵᠡᠷᠭᠡ ᠡᠯ᠎ᠡ ᠵᠦᠢᠯ ᠤᠨ ᠪᠦᠲᠦᠭᠡᠭᠳᠡᠬᠦᠨ᠂ ᠲᠥᠷᠥᠯ ᠵᠦᠢᠯ ᠡᠯᠳᠡᠪ ᠶᠠᠩᠵᠤ ᠪᠣᠯᠪᠠ᠃    ᠬᠤᠨᠴᠢᠷ ᠲᠠᠷᠢᠬᠤ ᠠᠴᠠ ᠭᠠᠳᠠᠨ᠎ᠠ᠂ ᠶᠠᠩ ᠭᠤᠸᠠᠢ ᠪᠠᠰᠠ ᠲᠠᠷᠢᠶᠠᠯᠠᠩ ᠤᠨ ᠰᠡᠯᠡᠭᠦᠦ ᠴᠠᠭ ᠲᠤ ᠦᠢᠯᠡᠳᠪᠦᠷᠢᠯᠡᠬᠦ ᠲᠠᠰᠤᠭ ᠲᠤ ᠬᠥᠯᠥᠰᠥᠨ ᠠᠵᠢᠯ ᠬᠢᠵᠦ ᠪᠠᠶᠢᠪᠠ᠃ ︽ᠢᠯᠡᠭᠦᠦ ᠨᠢᠭᠡ ᠬᠤᠪᠢ ᠣᠷᠣᠯᠭ᠎ᠠ ᠣᠯᠬᠤ ᠮᠥᠷᠲᠡᠭᠡᠨ ᠪᠠᠰᠠ ᠬᠤᠨᠴᠢᠷ ᠲᠠᠷᠢᠬᠤ ᠮᠡᠷᠭᠡᠵᠢᠯ ᠰᠤᠷᠤᠨ᠎ᠠ︾ ᠭᠡᠪᠡ᠃    ︽ᠭᠦᠶᠡᠩ ᠤᠨ ᠬᠤᠨᠴᠢᠷ ᠪᠣᠯ ᠭᠠᠵᠠᠷ ᠤᠨ ᠲᠡᠮᠳᠡᠭ ᠲᠠᠢ ᠪᠦᠲᠦᠭᠡᠭᠳᠡᠬᠦᠨ ᠪᠠᠶᠢᠵᠠᠢ᠂ ᠥᠩᠭᠡᠷᠡᠭᠰᠡᠨ ᠳᠤ ᠭᠦᠶᠡᠩ ᠤᠨ ᠬᠤᠨᠴᠢᠷ ︿ᠭᠠᠵᠠᠷ ᠠᠴᠠ ᠭᠠᠷᠪᠠᠯ ᠬᠤᠳᠠᠯᠳᠤᠵᠤ﹀ ᠪᠠᠶᠢᠪᠠ᠂ ᠵᠥᠪᠬᠡᠨ ᠨᠢᠭᠡ ᠠᠩᠬ᠎ᠠ ᠵᠡᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠪᠠᠶᠢᠵᠤ᠂ ᠠᠰᠢᠭ ᠬᠤᠨᠵᠢᠪᠤᠷᠢ ᠨᠢ ᠲᠤᠬᠠᠶ ᠶᠢᠨ ᠭᠠᠵᠠᠷ ᠲᠤ ᠦᠯᠡᠳᠡᠭᠰᠡᠨ ᠦᠭᠡᠢ᠃ ᠭᠦᠶᠡᠩ ᠤᠨ ᠬᠤᠨᠴᠢᠷ ᠠᠵᠤ ᠦᠢᠯᠡᠰ ᠤᠨ ᠬᠥᠭᠵᠢᠯᠲᠡ ᠪᠠ ᠤᠷᠲᠤᠳᠬᠤ ᠶᠢ ᠳᠠᠭᠠᠯᠳᠤᠨ᠂ ᠬᠤᠨᠴᠢᠷ ᠨᠠᠷᠢᠯᠢᠭ ᠡᠳ᠋ᠰᠢᠭᠦᠯᠬᠦ ᠨᠢ ᠠᠩᠬᠠᠷᠤᠯ ᠤᠨ ᠲᠥᠪ ᠪᠣᠯᠤᠭᠰᠠᠨ ᠪᠠᠶᠢᠨ᠎ᠠ᠃ ᠪᠢᠳᠡᠨ ᠤ ᠨᠠᠷᠢᠯᠢᠭ ᠪᠣᠯᠪᠠᠰᠤᠷᠠᠭᠤᠯᠤᠨ ᠦᠢᠯᠡᠳᠬᠦ ᠪᠠᠷ ᠳᠠᠮᠵᠢᠨ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠰᠢᠭ ᠣᠯᠵᠠᠪᠤᠷᠢ ᠣᠯᠬᠤ ᠶᠢᠨ ᠬᠠᠮᠲᠤ ᠪᠠᠰᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠪᠠ᠃︾ ᠥᠪᠥᠷ ᠮᠣᠩᠭᠤᠯ ᠤᠨ ᠵᠧᠩ ᠪᠸᠢ ᠴᠢ ᠢᠳᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠢᠨᠵᠧᠨᠧᠷ ᠴᠢᠨ ᠭᠠᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢᠳᠡ ᠭᠦᠶᠡᠩ ᠤᠨ ᠣᠷᠭᠠᠨᠢᠭ ᠬᠤᠨᠴᠢᠷ ᠢ ᠰᠣᠩᠭᠤᠵᠤ ᠲᠦᠭᠦᠬᠡᠶ ᠮᠠᠲ᠋ᠧᠷᠢᠶᠠᠯ ᠪᠣᠯᠭᠠᠵᠤ᠂ ᠠᠮᠢᠳᠤ ᠪᠣᠳᠠᠰ ᠤᠨ ᠴᠣᠬᠤᠯᠠᠪᠤᠷᠢᠯᠠᠭᠰᠠᠨ ᠮᠡᠷᠭᠡᠵᠢᠯ ᠢᠶᠠᠷ ᠳᠡᠮᠵᠢᠨ᠂ ᠰᠤᠳᠤᠯᠤᠨ ᠨᠡᠭᠡᠭᠡᠬᠦ ᠪᠦᠯᠬᠦᠮ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠷᠭᠠᠨᠢᠭ ᠬᠤᠨᠴᠢᠷ ᠳᠣᠲᠣᠷᠠᠬᠢ ᠪᠦᠲᠦᠮᠵᠢᠲᠡᠶ ᠪᠦᠷᠢᠯᠳᠦᠬᠦᠨ ᠢ ᠬᠠᠮᠤᠭ ᠤᠨ ᠶᠡᠭᠡ ᠬᠡᠮᠵᠢᠶ᠎ᠡ ᠪᠠᠷ ᠭᠠᠷᠭᠠᠨ ᠠᠪᠴᠤ ᠠᠰᠢᠭᠯᠠᠨ᠎ᠠ︾ ᠭᠡᠵᠡᠶ᠃     ︽ᠲᠩᠷᠢ ᠶᠢᠨ ᠴᠢᠷᠠᠶ ᠶᠢ ᠬᠠᠷᠠᠵᠤ ᠪᠤᠳᠠᠭ᠎ᠠ ᠢᠳᠡᠬᠦ︾ ᠠᠴᠠ ︽ᠲᠩᠷᠢ ᠶᠢᠨ ᠴᠢᠷᠠᠶ ᠶᠢ ᠬᠠᠷᠠᠵᠤ ᠬᠡᠷᠡᠭᠯᠡᠬᠦ︾ ᠬᠦᠷᠲᠡᠯ᠎ᠡ᠂ ᠭᠦᠶᠡᠩ ᠬᠤᠨᠴᠢᠷ ᠤᠨ ᠠᠵᠤ ᠦᠢᠯᠡᠰ ᠤᠨ ᠦᠰᠦᠷᠦᠯᠲᠡ ᠨᠢ ᠤᠳᠤ ᠦᠶ᠎ᠡ ᠶᠢᠨ ᠲᠠᠷᠢᠶᠠᠯᠠᠩ ᠤᠨ ᠮᠥᠨ ᠴᠢᠨᠠᠷ ᠤᠨ ᠬᠤᠪᠢᠰᠤᠯᠲᠠ - ᠥᠨᠢ ᠡᠷᠲᠡᠨ ᠤ ᠲᠠᠷᠢᠶᠠᠯᠠᠩ ᠤᠨ ᠣᠶᠤᠨᠴᠢ ᠲᠣᠭᠠᠴᠢᠯᠠᠭᠰᠠᠨ ᠮᠡᠷᠭᠡᠵᠢᠯ ᠢ ᠮᠥᠷᠭᠦᠯᠳᠦᠵᠦ᠂ ᠭᠠᠵᠠᠷ ᠰᠢᠷᠣᠢ ᠶᠢᠨ ᠬᠠᠷᠢᠭᠤᠯᠲᠠ ᠨᠢ ᠲᠦᠰᠦᠭᠡᠯᠡᠨ ᠪᠣᠳᠣᠯᠲᠠ ᠠᠴᠠ ᠬᠤᠯᠠ ᠳᠠᠪᠠᠭᠰᠠᠨ ᠪᠠᠶᠢᠨ᠎ᠠ᠃     2024 ᠣᠨ ᠳᠤ᠂ ᠭᠦᠶᠡᠩ ᠰᠢᠶᠠᠨ ᠤ ᠬᠤᠨᠴᠢᠷ ᠲᠠᠷᠢᠬᠤ ᠲᠠᠯᠠᠪᠠᠢ 14.4 ᠲᠦᠮᠡᠨ ᠮᠦ ᠳᠤ ᠬᠦᠷᠴᠦ᠂ ᠦᠢᠯᠡᠳᠬᠦᠨ ᠤ ᠦᠷᠳᠡᠭ 10 ᠳ᠋ᠦᠩᠰᠢᠭᠤᠷ ᠲᠥᠭᠦᠷᠢᠭ ᠢ ᠳᠠᠪᠠᠵᠠᠢ᠃ ᠲᠠᠷᠢᠬᠤ᠂ ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂ ᠪᠣᠷᠣᠯᠠᠭᠤᠯᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠬᠤᠨᠴᠢᠷ ᠤᠨ ᠪᠦᠬᠦ ᠠᠵᠤ ᠦᠢᠯᠡᠰ ᠤᠨ ᠬᠡᠯᠬᠢᠶᠡᠰᠦ ᠶᠢ ᠪᠦᠷᠢᠯᠳᠦᠭᠦᠯᠵᠦ᠂ ᠨᠠᠷᠢᠯᠢᠭ ᠡᠳ᠋ᠰᠢᠭᠦᠯᠬᠦ ᠠᠵᠤ ᠦᠢᠯᠡᠰ ᠠᠵᠢᠯᠴᠢᠨ ᠬᠡᠷᠡᠭᠯᠡᠬᠦ ᠶᠢ ᠲᠣᠭᠲᠠᠪᠤᠷᠢᠵᠢᠭᠤᠯᠵᠤ᠂ ᠵᠢᠯ ᠤᠨ ᠬᠥᠮᠥᠨ ᠳᠤᠮᠳᠠᠴᠢ ᠶᠢᠨ ᠣᠷᠣᠯᠭ᠎ᠠ 8 ᠲᠦᠮᠡᠨ ᠲᠥᠭᠦᠷᠢᠭ ᠠᠴᠠ 9 ᠲᠦᠮᠡᠨ ᠲᠥᠭᠦᠷᠢᠭ ᠲᠤ ᠬᠦᠷᠴᠦ᠂ ︽ᠭᠦᠶᠡᠩ ᠤᠨ ᠬᠤᠨᠴᠢᠷ︾ ᠤᠨ ᠨᠡᠷ᠎ᠡ ᠶᠢᠨ ᠬᠠᠭᠤᠳᠠᠰᠤ ᠶᠢ ᠦᠨᠡᠨᠬᠦ ᠴᠤᠤᠷᠢᠶᠠᠲᠤᠭᠤᠯᠵᠤ᠂ ᠬᠤᠨᠴᠢᠷ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠷᠭ᠎ᠠ ᠵᠠᠮ ᠢ ᠨᠡᠭᠡᠭᠡᠪᠡ᠃    ᠶᠠᠩ ᠭᠤᠸᠠᠢ ᠶᠢᠨ ᠠᠵᠢᠯᠯᠠᠬᠤ ᠭᠠᠵᠠᠷ ᠠᠴᠠ ᠰᠠᠯᠬᠤ ᠳᠤ ᠰᠤᠷᠪᠤᠯᠵᠢᠯᠠᠭᠴᠢ ᠲᠡᠷᠭᠡ ᠪᠠᠷ ᠵᠢᠨᠱᠠᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠳᠤ ᠬᠦᠷᠴᠡᠶ᠃    ᠥᠪᠥᠷ ᠮᠣᠩᠭᠤᠯ ᠤᠨ ᠵᠥᠩ ᠬᠠᠩ ᠷᠦᠩ ᠾᠧ ᠳ᠋ᠢᠶᠠᠨ ᡂᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠪᠤᠭᠤᠲᠤ ᠬᠤᠲᠠ ᠶᠢᠨ ᠭᠦᠶᠡᠩ ᠵᠥᠩ ᠬᠠᠩ 10 ᠵᠢᠢ ᠲᠢᠶᠠᠨ ᠯᠢᠲ᠋ᠢ ᠳ᠋ᠢᠶᠠᠨ ᡂᠢ ᠶᠢᠨ ᠦᠢᠯᠡᠳᠪᠦᠷᠢᠯᠡᠯ ᠤᠨ ᠲᠥᠷᠥᠯ ᠵᠦᠢᠯ ᠪᠣᠯ ᠴᠠᠬᠢᠯᠭᠠᠨ ᠭᠤᠣᠯ ᠠᠴᠠ ᠬᠤᠷᠠᠮᠠᠯ ᠬᠦᠷᠲᠡᠯᠡᠬᠢ ᠬᠠᠮᠤᠭ ᠡᠴᠦᠰ ᠤᠨ ᠪᠦᠲᠦᠭᠡᠭᠳᠡᠬᠦᠨ ᠠᠴᠠ ᠲᠤᠰᠢᠶᠠᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠪᠣᠯᠤᠨ᠎ᠠ᠂ ᠲᠥᠷᠥᠯ ᠵᠦᠢᠯ ᠤᠨ ᠮᠡᠷᠭᠡᠵᠢᠯ ᠤᠨ ᠬᠠᠷᠢᠭᠤᠴᠠᠯᠭᠠᠲᠠᠨ ᠯᠢᠦ ᠯᠧ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠵᠥᠩ ᠬᠠᠩ ᠥᠪᠡᠷᠲᠡᠭᠡᠨ ᠵᠠᠰᠠᠬᠤ ᠣᠷᠣᠨ ᠤ ᠯᠢᠲ᠋ᠢ ᠳ᠋ᠢᠶᠠᠨ ᡂᠢ ᠶᠢᠨ ᠠᠵᠢᠯ ᠲᠥᠷᠥᠯ ᠤᠨ ᠬᠡᠯᠬᠢᠶ᠎ᠡ ᠶᠢᠨ ᠭᠤᠤᠯ ᠠᠵᠤ ᠠᠬᠤᠶᠢᠯᠠᠯ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠪᠤᠭᠤᠲᠤ ᠳᠤ ᠰᠠᠭᠤᠷᠢᠯᠠᠵᠤ᠂ ᠦᠢᠯᠡᠳᠬᠦᠨ ᠨᠢ ᠪᠦᠬᠦ᠋ᠢᠯᠡ ᠥᠪᠥᠷ ᠮᠣᠩᠭᠤᠯ ᠵᠢᠴᠢ ᠡᠷᠬᠢᠨ ᠲᠣᠭᠤᠷᠢᠨ ᠤ ᠡᠯ᠎ᠡ ᠮᠤᠵᠢ ᠶᠢ ᠨᠥᠯᠥᠭᠡᠯᠡᠬᠦ ᠶᠢᠨ ᠬᠠᠮᠲᠤ ᠳᠡᠭᠡᠳᠦ ᠳᠣᠤᠷᠠᠳᠤ ᠤᠷᠤᠰᠬᠠᠯ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠳᠠᠶᠢᠴᠢᠯᠠᠨ ᠵᠠᠯᠭᠠᠭ᠎ᠠ ᠪᠠᠷ ᠪᠤᠭᠤᠲᠤ ᠳᠤ ᠦᠢᠯᠡᠳᠪᠦᠷᠢ ᠪᠠᠶᠢᠭᠤᠯᠵᠤ᠂ ᠡᠴᠦᠰ ᠲᠡᠭᠡᠨ ᠳᠤᠮᠳᠠᠳᠤ ᠤᠯᠤᠰ ᠤᠨ ᠤᠮᠠᠷᠠᠲᠤ ᠶᠢᠨ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠮᠢᠩᠭᠠᠨ ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠠᠵᠤ ᠦᠢᠯᠡᠰ ᠤᠨ ᠪᠦᠯᠦᠭᠯᠡᠯ ᠢ ᠪᠣᠶ ᠪᠣᠯᠭᠠᠬᠤ ᠪᠣᠯᠤᠮᠵᠢ ᠲᠠᠢ ᠪᠠᠶᠢᠨ᠎ᠠ︾ ᠭᠡᠵᠡᠶ᠃    ᠬᠤᠩ ᠶᠤᠸᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠤᠯᠠᠨ ᠲᠠᠯᠠᠰᠲᠤ ᠴᠠᠬᠢᠭᠤᠷ ᠢ ᠰᠡᠷᠭᠦᠭᠡᠬᠦ ᠦᠢᠯᠡᠳᠪᠦᠷᠢ ᠶᠢᠨ ᠲᠠᠰᠤᠭ ᠲᠤ ᠬᠦᠷᠬᠦ ᠳᠤ᠂ ᠮᠠᠰᠢᠨ ᠲᠥᠬᠦᠭᠡᠷᠦᠮᠵᠢ ᠶᠢ ᠪᠦᠷᠢᠨ ᠨᠡᠭᠡᠭᠡᠵᠦ᠂ ᠥᠨᠳᠥᠷ ᠪᠦᠲᠦᠮᠵᠢᠲᠡᠢ ᠠᠵᠢᠯᠯᠠᠭᠤᠯᠵᠤ᠂ ᠠᠵᠢᠯᠴᠢᠳ ᠶᠠᠭ ᠵᠠᠬᠢᠶᠠᠯᠠᠭ᠎ᠠ ᠶᠢ ᠪᠦᠬᠦ ᠬᠦᠴᠦᠨ ᠢᠶᠠᠷ ᠢᠶᠠᠨ ᠬᠥᠭᠡᠭᠡᠵᠦ ᠪᠠᠶᠢᠨ᠎ᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠵᠠᠬᠢᠶᠠᠯᠠᠭ᠎ᠠ ᠶᠢᠨ ᠬᠡᠮᠵᠢᠶ᠎ᠡ ᠨᠢᠭᠡᠨᠲᠡ ᠪᠦᠬᠦᠨ ᠢᠶᠠᠷ ᠢᠶᠠᠨ ᠳᠦᠭᠦᠷᠴᠦ᠂ ᠠᠵᠢᠯᠴᠢᠳ ᠶᠠᠭ ᠴᠠᠭ ᠨᠡᠮᠡᠵᠦ ᠠᠵᠢᠯᠯᠠᠨ ᠠᠵᠢᠯᠯᠠᠵᠤ ᠪᠠᠶᠢᠨ᠎ᠠ᠃ ᠬᠤᠩ ᠶᠤᠸᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠠᠩ ᠶᠦᠩ ᠱᠧᠩ ᠲᠠᠨᠢᠯᠴᠠᠭᠤᠯᠬᠤ ᠳᠠᠭᠠᠨ᠄ ︽ᠺᠣᠮᠫᠠᠨᠢ ᠶᠠᠭ ᠵᠠᠬᠢᠶᠠᠯᠠᠭ᠎ᠠ ᠶᠢᠨ ᠬᠠᠭᠤᠳᠠᠰᠤ ᠪᠠᠨ ᠱᠠᠯᠠᠪᠳᠠᠨ ᠦᠢᠯᠡᠳᠴᠦ ᠪᠠᠶᠢᠨ᠎ᠠ᠂ ᠪᠢᠳᠡᠨ ᠤ ᠵᠠᠬᠢᠶᠠᠯᠠᠭ᠎ᠠ ᠶᠢᠨ ᠬᠡᠮᠵᠢᠶᠡᠨ ᠤ ᠲᠠᠯ᠎ᠠ ᠪᠠᠷ ᠰᠢᠨ᠎ᠡ ᠲᠡᠮᠳᠡᠭᠯᠡᠯ ᠢ ᠡᠭᠦᠳᠴᠦ᠂ ᠣᠲᠣ ᠦᠢᠯᠡᠳᠪᠦᠷᠢ ᠶᠢᠨ ᠲᠠᠰᠤᠭ ᠤᠨ ᠠᠵᠢᠯᠲᠠᠨ ᠠᠵᠢᠯᠴᠢᠨ ᠴᠥᠮ ᠶᠠᠭᠠᠷᠠᠯᠲᠠᠢ ᠠᠵᠢᠯᠯᠠᠵᠤ᠂ ᠺᠣᠮᠫᠠᠨᠢ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ︾ ᠭᠡᠵᠡᠶ᠃    ᠥᠩᠭᠡᠷᠡᠭᠰᠡᠨ ᠳᠤ ᠬᠥᠮᠥᠰ ᠤᠨ ᠭᠦᠶᠡᠩ ᠤᠨ ᠲᠤᠬᠠᠢ ᠰᠠᠭᠤᠭᠳᠠᠯ ᠪᠣᠯ ᠲᠠᠷᠢᠶᠠᠯᠠᠩ ᠢᠶᠠᠷ ᠭᠤᠣᠯ ᠪᠣᠯᠭᠠᠭᠰᠠᠨ ᠰᠢᠶᠠᠨ ᠤ ᠬᠤᠳᠠ ᠪᠣᠯᠬᠤᠷ ᠬᠠᠷᠢᠨ ᠮᠡᠳᠡᠬᠦ ᠦᠭᠡᠢ᠂ ᠬᠠᠪᠤᠷ ᠨᠠᠮᠤᠷ ᠤᠨ ᠤᠯᠠᠷᠢᠯ ᠳᠤ ᠠᠵᠤ ᠦᠢᠯᠡᠳᠪᠦᠷᠢ ᠡᠨᠡ ᠬᠦ ᠬᠤᠳᠠ ᠶᠢᠨ ᠭᠤᠣᠯ ᠲᠤᠯᠭᠠᠭᠤᠷᠢ ᠪᠣᠯᠤᠭᠰᠠᠨ ᠢ ᠮᠡᠳᠡᠬᠦ ᠦᠭᠡᠢ᠃ ᠥᠩᠭᠡᠷᠡᠭᠰᠡᠨ ᠳᠤ ᠶᠠᠳᠠᠭᠤ ᠬᠦᠴᠢᠷᠳᠡᠯᠲᠡᠢ ᠪᠠᠶᠢᠭᠰᠠᠨ ᠳ᠋ᠠ ᠾᠧᠦ ᠱᠠᠨ ᠠᠭᠤᠯᠠ ᠰᠢᠨ᠎ᠡ ᠠᠶᠠᠨ ᠳᠠᠭᠠᠨ ᠰᠢᠨ᠎ᠡ ᠠᠶᠠᠨ ᠳᠠᠭᠠᠨ ᠥᠪᠡᠷ ᠤᠨ ︽ᠰᠠᠷᠠᠭᠤᠯ ᠲᠠᠷᠳᠠᠩ ᠵᠠᠮ︾ ᠢᠶᠠᠷ ᠭᠠᠷᠪᠠ᠃    ︽ᠪᠥᠬᠦ ᠬᠤᠲᠠ ᠶᠢᠨ ᠠᠩᠬᠠᠳᠠᠭᠴᠢ ᠲᠡᠮᠦᠷᠯᠢᠭ ᠮᠠᠩᠭᠠᠨ ᠣᠷᠴᠢᠯ ᠠᠵᠤ ᠦᠢᠯᠡᠰ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠪᠦᠬᠦ ᠬᠤᠲᠠ ᠶᠢᠨ ᠠᠩᠬᠠᠳᠠᠭᠴᠢ ᠮᠥᠷᠳᠡᠯᠲᠡ ᠶᠢᠨ ᠮᠠᠶ᠋ᠢᠭ ᠤᠨ ᠭᠡᠷᠡᠯ ᠴᠡᠨᠡᠭ ᠤᠨ ᠲᠤᠯᠭᠠᠭᠤᠷᠢᠯᠠᠬᠤ ᠵᠢᠶᠠᠰᠠ᠂ ᠯᠢᠲ᠋ᠢ ᠳ᠋ᠢᠶᠠᠨ ᡂᠢ ᠶᠢᠨ PACK ᠲᠥᠷᠥᠯ ᠵᠦᠢᠯ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠢᠯᠵᠢᠮᠡᠯ ᠡᠨᠧᠷᠭᠢ ᠬᠠᠳᠠᠭᠠᠯᠠᠬᠤ ᠲᠥᠷᠥᠯ ᠵᠦᠢᠯ ᠳᠤ ᠭᠡᠷ᠎ᠡ ᠲᠣᠭᠲᠠᠵᠤ᠂ ᠪᠦᠬᠦ ᠰᠢᠶᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 282 ᠳ᠋ᠦᠩᠰᠢᠭᠤᠷ ᠲᠥᠭᠦᠷᠢᠭ ᠢ ᠳᠠᠪᠠᠪᠠ︾᠃ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠤᠳᠠᠯᠳᠤᠭᠠᠴᠢᠨ ᠤᠷᠢᠬᠤ ᠬᠡᠯᠲᠡᠰ ᠤᠨ ᠳᠠᠷᠤᠭ᠎ᠠ ᠯᠢᠦ ᠬᠠᠢ ᠪᠦᠤᠤ ᠰᠤᠷᠪᠤᠯᠵᠢᠯᠠᠭᠴᠢ ᠳᠤ ᠬᠡᠯᠡᠪᠡ᠃ 2025 ᠣᠨ ᠳᠤ᠂ ᠭᠦᠶᠡᠩ ᠰᠢᠶᠠᠨ ᠳᠤᠮᠳᠠᠳᠤ ᠮᠣᠩᠭᠤᠯ ᠤᠨ ᠠᠵᠤ ᠠᠬᠤᠶ ᠶᠢᠨ ᠬᠤᠩᠭᠢᠯ ᠳᠤ ᠲᠦᠰᠢᠭᠯᠡᠨ᠂ ᠮᠣᠩᠭᠤᠯ ᠤᠯᠤᠰ ᠤᠨ ᠨᠡᠭᠦᠷᠡᠰᠦ᠂ ᠬᠠᠶᠢᠯᠤᠭᠤᠷ ᠵᠣᠩᠰᠢ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠢᠨ᠎ᠡ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ᠰᠢᠨ᠎ᠡ ᠤᠷᠤᠯᠳᠤᠭᠠᠨ ᠤ ᠵᠠᠮ ᠢ ᠪᠥᠬᠦ ᠬᠦᠴᠦᠨ ᠢᠶᠠᠷ ᠢᠶᠠᠨ ᠨᠡᠭᠡᠭᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 300 ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠨ᠎ᠠ ᠭᠡᠪᠡ᠃    ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠠᠴᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠬᠦᠷᠲᠡᠯ᠎ᠡ᠂ ︽ᠤᠯᠠᠮᠵᠢᠯᠠᠯᠲᠤ ᠲᠠᠷᠢᠶᠠᠯᠠᠬᠤ ᠣᠷᠣᠨ︾ ᠠᠴᠠ ︽ᠨᠣᠭᠤᠭᠠᠨ ᠡᠨᠧᠷᠭᠢ ᠶᠢᠨ ᠰᠢᠨ᠎ᠡ ᠬᠤᠲᠠ︾ ᠬᠦᠷᠲᠡᠯ᠎ᠡ᠂ ᠭᠦᠶᠡᠩ ᠬᠥᠮᠦᠨ ᠤ ᠬᠠᠪᠤᠷ ᠶᠡᠷᠦ ᠠᠴᠠ ᠬᠦᠯᠢᠶᠡᠵᠦ ᠢᠷᠡᠭᠰᠡᠨ ᠦᠭᠡᠢ᠂ ᠭᠦᠶᠡᠩ ᠤᠨ ᠭᠤᠤᠵᠢᠯᠳᠠ ᠶᠢᠨ ᠨᠢᠭᠤᠴᠠ ᠨᠣᠮᠧᠷ ᠨᠢ ᠡᠨᠡ ᠬᠦ ᠭᠠᠵᠠᠷ ᠰᠢᠷᠣᠶ ᠳᠤ ᠣᠨᠴᠠ ᠪᠠᠶᠢᠳᠠᠭ ᠤᠶᠠᠨ ᠬᠠᠳᠠᠨ ᠴᠢᠨᠠᠷ ᠲᠤ ᠬᠠᠳᠠᠭᠠᠯᠠᠭᠳᠠᠵᠠᠢ᠃ ︽ᠬᠠᠪᠤᠷ ᠢ ᠪᠤᠯᠢᠶᠠᠬᠤ︾ ᠳᠦᠷᠢ ᠪᠠᠶᠢᠳᠠᠯ ᠢᠶᠠᠷ ᠭᠦᠶᠡᠩ ᠰᠢᠶᠠᠨ ᠶᠠᠭ ᠰᠢᠨ᠎ᠡ ᠴᠠᠭ ᠦᠶ᠎ᠡ ᠶᠢᠨ ︽ᠠᠭᠤᠯᠠᠷᠬᠠᠭ ᠣᠷᠣᠨ ᠤ ᠯᠤᠲᠤ ᠶᠡᠭᠡ ᠬᠤᠪᠢᠷᠠᠯᠲᠠ︾ ᠶᠢ ᠪᠢᠴᠢᠭᠯᠡᠵᠦ ᠪᠠᠶᠢᠨ᠎ᠠ᠃  
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号