ᠭᠦᠶᠡᠩ ᠰᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ | ᠠᠭᠤᠰᠤᠯᠴᠠᠬᠤ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ | ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠴᠡᠩᠭᠡᠬᠦ ᠶᠢ ᠠᠬᠢᠭᠤᠯᠵᠤ᠂ ᠥᠷᠭᠡᠨ ᠳᠡᠯᠭᠡᠷ | ᠶᠠᠪᠤᠯᠴᠠᠵᠤ᠂ ᠪᠦᠬᠦ ᠲᠠᠯ᠎ᠠ ᠪᠠᠷ ᠰᠣᠯᠢᠯᠴᠠᠵᠤ᠂ ᠭᠦᠨᠵᠡᠭᠡᠢ ᠠᠭᠤᠰᠤᠯᠴᠠᠬᠤ ᠶᠢ ᠠᠬᠢᠭᠤᠯᠪᠠ᠃ | ︽ᠰᠣᠶᠣᠯ ᠤᠨ ᠤᠮᠳᠠᠯᠠᠬᠤ︾ ᠬᠥᠭ ᠠᠶᠠᠰ ᠢ ᠳᠡᠯᠭᠡᠷᠡᠭᠦᠯᠵᠦ ᠦᠵᠡᠯ ᠰᠠᠨᠠᠭ᠎ᠠ ᠤᠯᠤᠰ ᠲᠥᠷᠥ ᠶᠢᠨ | ᠵᠢᠯᠣᠭᠤᠳᠤᠮᠵᠢ ᠪᠣᠯᠭᠠᠶ᠎ᠠ᠃ ᠭᠦᠶᠡᠩ ᠤᠨ ᠴᠢᠨ ᠤᠯᠤᠰ ᠤᠨ ᠤᠷᠲᠤ ᠴᠠᠭᠠᠨ ᠬᠡᠷᠡᠮ᠂ ᠬᠤᠸᠠᠢ ᠱᠦᠸᠧ ᠶᠢᠨ | ᠡᠷᠳᠡᠨ ᠤ ᠪᠠᠯᠭᠠᠰᠤ ᠵᠡᠷᠭᠡ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ | ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠢ ᠪᠣᠯᠭᠠᠨ ᠳᠣᠪᠤᠶᠢᠯᠭᠠᠵᠤ᠂ 7 ᠬᠤᠲᠠ ᠶᠢᠨ ᠱᠠᠲᠤ | ᠪᠠ 2 ᠰᠢᠶᠠᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠰᠣᠶᠣᠯ ᠤᠨ ᠤᠯᠠᠮᠵᠢᠯᠠᠯ ᠪᠠ ᠦᠨᠳᠦᠰᠦᠲᠡᠨ ᠤ ᠪᠦᠯᠬᠦᠮᠳᠡᠯ ᠤᠨ | ᠴᠢᠬᠤᠯᠠ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠤᠨ᠎ᠠ᠃ ︽ᠳᠤᠮᠳᠠᠳᠤ ᠶᠢᠨ ᠰᠣᠶᠣᠯ ᠤᠨ ᠬᠢᠴᠢᠶᠡᠯ ᠤᠨ ᠲᠠᠩᠬᠢᠮ | ︾ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ | ᠥᠷᠭᠡᠨ ᠢᠶᠠᠷ ᠣᠷᠣᠯᠴᠠᠭᠤᠯᠵᠤ᠂ ᠣᠯᠠᠨ ᠲᠦᠮᠡᠨ ᠢ ᠬᠥᠷᠰᠢ ᠵᠡᠷᠭᠡᠯᠡᠳᠡᠭᠡ ᠲᠠᠢ ᠪᠠᠨ ᠳᠣᠲᠣᠨᠣᠴᠢᠯᠠᠬᠤ᠂ ᠬᠥᠷᠰᠢ | ᠵᠡᠷᠭᠡᠯᠡᠳᠡᠭᠡ ᠲᠠᠢ ᠪᠠᠨ ᠨᠠᠶᠢᠷᠰᠠᠭ ᠪᠠᠶᠢᠬᠤ᠂ ᠬᠥᠷᠰᠢ ᠵᠡᠷᠭᠡᠯᠡᠳᠡᠭᠡ ᠲᠠᠢ ᠪᠠᠨ ᠵᠢᠷᠭᠠᠬᠤ ᠨᠡᠶᠢᠭᠡᠮ ᠲᠣᠭᠤᠷᠢᠭ ᠤᠨ | ᠠᠭᠤᠷ ᠠᠮᠢᠰᠬᠤᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠭᠦᠨᠵᠡᠭᠡᠶᠢᠷᠡᠭᠦᠯᠬᠦ ᠬᠡᠷᠡᠭᠲᠡᠢ᠃ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢᠨ ᠬᠢᠨ ︽ᠰᠤᠷᠤᠯᠴᠠᠬᠤ · | ᠲᠣᠭᠯᠠᠬᠤ︾᠂ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠲᠣᠭᠯᠠᠯᠲᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ᠂ ︽ᠤᠯᠠᠭᠠᠨ ᠠᠨᠠᠷ ᠬᠤᠨᠳᠠᠭᠠᠲᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠮᠡᠳᠡᠯᠭᠡ ᠶᠢᠨ ᠤᠷᠤᠯᠳᠤᠭᠠᠨ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠯᠢᠭᠡᠷ ᠢ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠢ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠢᠭᠡ | ᠤᠳᠠᠭ᠎ᠠ ᠬᠤᠶᠠᠷ ᠰᠠᠷ᠎ᠠ︾ ᠶᠢᠨ ᠬᠤᠭᠤᠴᠠᠭᠠᠨ ᠳᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ | ᠂ ᠨᠠᠮ ᠢᠶᠠᠨ ᠳᠠᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠪᠠ᠃ | | ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢᠨ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ | ᠲᠣᠭᠯᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃ | ︽ᠨᠡᠶᠢᠭᠡᠮ ᠲᠣᠭᠤᠷᠢᠭ ᠬᠠᠮᠲᠤᠪᠠᠷ ᠪᠠᠶᠢᠭᠤᠯᠬᠤ︾ ᠢᠷᠠᠭᠤ ᠬᠠᠭᠤᠳᠠᠰᠤ ᠶᠢ ᠪᠢᠴᠢᠭᠯᠡᠵᠦ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠤᠶ᠎ᠠ᠃ ︽ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ | ᠠᠬᠢᠭᠤᠯᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ | ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠵᠦ᠂ ᠬᠠᠭᠤᠴᠢᠨ ᠬᠤᠲᠠ ᠶᠢ ᠥᠭᠡᠷᠡᠴᠢᠯᠡᠬᠦ᠂ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠶᠢ ᠰᠢᠯᠢᠳᠡᠭᠵᠢᠭᠦᠯᠦᠨ᠂ ︽ᠠᠨᠠᠷ ᠤᠨ ᠭᠡᠷ ᠣᠷᠣᠨ︾ ᠤ ᠣᠨᠴᠠᠯᠢᠭᠲᠤ ᠦᠢᠯᠡᠴᠢᠯᠡᠭᠡᠨ ᠤ | ᠵᠢᠭᠰᠠᠭᠠᠯ ᠤᠨ ᠭᠠᠵᠠᠷ ᠢ ᠨᠠᠷᠢᠨ ᠨᠢᠮᠪᠠᠢ ᠪᠠᠶᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠰᠢᠭᠢᠳᠦᠨ ᠬᠥᠭᠵᠢᠭᠰᠡᠨ ᠣᠷᠣᠨ ᠰᠠᠭᠤᠴᠠ ᠶᠢᠨ ᠪᠠᠶᠢᠷᠢᠰᠢᠯ ᠢ ᠬᠠᠮᠲᠤᠪᠠᠷ ᠪᠠᠶᠢᠭᠤᠯᠬᠤ ᠶᠢ | ᠵᠣᠷᠢᠭᠵᠢᠭᠤᠯᠤᠨ᠂ ᠬᠤᠲᠠ ᠬᠥᠳᠡᠭᠡ ᠶᠢᠨ ᠠᠭᠤᠰᠤᠯᠴᠠᠯ ᠬᠢᠭᠡᠳ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠎ᠠ᠃ | ︽ᠨᠠᠮ ᠤᠨ ᠳᠤᠭᠤᠶᠢᠯᠠᠩ ᠤᠨ ᠰᠦᠯᠵᠢᠶᠡᠨ ᠤ ᠠᠵᠢᠯᠲᠠᠨ ᠨᠢᠭᠡᠴᠢ ᠶᠢᠨ ᠳᠠᠷᠤᠭ᠎ᠠ︾ ᠶᠢᠨ ᠦᠨᠳᠦᠰᠦᠨ ᠱᠠᠲᠤᠨ ᠤ | ᠪᠢᠴᠢᠯ ᠵᠠᠰᠠᠯᠲᠠ ᠶᠢᠨ ︽ᠲᠡᠮᠦᠷ ᠵᠠᠮ ᠤᠨ ᠭᠤᠷᠪᠠᠯᠵᠢᠨ ᠬᠤᠶᠢᠭ︾ ᠤᠨ ᠰᠢᠰᠲ᠋ᠧᠮ ᠢ ᠴᠢᠩᠭᠠᠳᠬᠠᠵᠤ᠂ ᠨᠡᠶᠢᠭᠡᠮ | ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ᠂ ᠨᠠᠮ ᠤᠨ ᠡᠭᠦᠷ ᠤᠨ ᠱᠦᠵᠢ᠂ | ᠨᠢᠭᠡᠴᠢ ᠶᠢᠨ ᠳᠠᠷᠤᠭ᠎ᠠ ᠵᠡᠷᠭᠡ ᠬᠦᠴᠦᠨ ᠢ ᠨᠢᠭᠲᠠᠷᠠᠭᠤᠯᠵᠤ᠂ ᠬᠤᠪᠢ ᠬᠤᠷᠠᠮᠳᠤᠭᠤᠯᠬᠤ ᠳᠦᠷᠢᠮ ᠵᠡᠷᠭᠡ ᠵᠥᠪ | ᠴᠢᠭᠯᠡᠯ ᠢᠶᠠᠷ ᠤᠷᠮᠠᠰᠢᠭᠤᠯᠬᠤ ᠲᠣᠭᠲᠠᠴᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ︽ | ᠮᠡᠳᠡᠷᠡᠯ ᠤᠨ ᠰᠡᠵᠢᠭᠦᠷ︾ ᠢ ᠬᠥᠭᠵᠢᠭᠡᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠪᠦᠲᠦᠮᠵᠢᠲᠡᠢ | ᠳᠡᠭᠡᠭᠰᠢᠯᠡᠭᠦᠯᠪᠡ᠃ ︽ᠪᠢᠳᠡᠨ ᠤ ᠪᠠᠶᠠᠷ ᠤᠨ ᠡᠳᠦᠷ︾᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠡᠳᠦᠷ ᠵᠡᠷᠭᠡ ᠴᠠᠭ ᠬᠤᠭᠤᠴᠠᠭᠠᠨ ᠳᠤ ᠲᠦᠰᠢᠭᠯᠡᠨ᠂ ᠬᠠᠮᠲᠤ ᠪᠠᠷ ᠪᠠᠶᠢᠭᠤᠯᠬᠤ | ᠨᠢᠭᠡᠴᠡ ᠶᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠵᠦ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠢᠷᠢᠰ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ ᠢ ᠲᠦᠮᠡᠨ | ᠡᠷᠦᠬᠡ ᠳᠤ ᠣᠷᠣᠭᠤᠯᠬᠤ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ︾᠂ | ᠬᠥᠷᠰᠢ ᠵᠡᠷᠭᠡᠯᠡᠳᠡᠭᠡ ᠶᠢᠨ ᠪᠠᠶᠠᠷ᠂ ᠠᠮᠲᠠᠲᠤ ᠢᠳᠡᠭᠡᠨ ᠤ ᠪᠠᠶᠠᠷ ᠵᠡᠷᠭᠡ ᠠᠵᠢᠯᠯᠠᠭ᠎ᠠ ᠶᠢ ᠡᠷᠬᠢᠯᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠢᠯᠴᠠᠨ ᠰᠣᠯᠢᠯᠴᠠᠬᠤ | ᠳᠤᠮᠳᠠ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃ | ︽ᠦᠢᠯᠡᠴᠢᠯᠡᠭᠡᠨ ᠤ ᠪᠠᠲᠤᠯᠠᠭ᠎ᠠ︾ ᠶᠢ ᠬᠠᠩᠭᠢᠨᠠᠭᠤᠯᠵᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠡᠳ᠋ᠯᠡᠬᠦ ᠶᠢ ᠠᠬᠢᠭᠤᠯᠤᠶ᠎ᠠ᠃ ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ | ᠂ ᠮᠡᠳᠡᠭᠡ ᠵᠠᠩᠭᠢ ᠴᠤᠭᠯᠠᠭᠤᠯᠬᠤ ᠪᠠ ᠬᠠᠮᠢᠶᠠᠷᠬᠤ ᠶᠠᠪᠤᠴᠠ ᠶᠢ ᠵᠢᠷᠤᠮᠵᠢᠭᠤᠯᠤᠨ᠂ ᠡᠯ᠎ᠡ ᠦᠨᠳᠦᠰᠦᠲᠡᠨ ᠤ ᠣᠯᠠᠨ | ᠲᠦᠮᠡᠨ ᠤ ᠠᠵᠢᠯ ᠣᠯᠵᠤ ᠠᠳᠠᠯ ᠦᠢᠯᠡᠰ ᠪᠤᠰᠬᠠᠬᠤ᠂ ᠨᠡᠶᠢᠭᠡᠮ ᠤᠨ ᠪᠠᠲᠤᠯᠠᠭ᠎ᠠ᠂ ᠡᠪᠡᠳᠴᠢᠨ ᠦᠵᠡᠭᠦᠯᠵᠦ | ᠰᠤᠷᠭᠠᠭᠤᠯᠢ ᠳᠤ ᠣᠷᠣᠬᠤ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ ᠣᠳᠣ ᠶᠢᠨ | ᠪᠠᠶᠢᠭ᠎ᠠ C1᠂ C2 ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠠᠵᠢᠯᠯᠠᠭᠤᠯᠤᠭᠰᠠᠨ ᠰᠠᠭᠤᠷᠢᠨ ᠳᠡᠭᠡᠷ᠎ᠡ᠂ | ᠨᠡᠶᠢᠲᠡ ᠶᠢᠨ ᠮᠠᠰᠢᠨ ᠲᠡᠷᠭᠡᠨ ᠤ ᠲᠣᠣᠷ ᠰᠦᠯᠵᠢᠶᠡᠨ ᠤ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠰᠢᠶᠠᠨ ᠤ ᠬᠤᠲᠠ ᠶᠢᠨ ᠴᠢᠩᠱᠠᠨ ᠲᠣᠭᠤᠷᠢᠭ ᠲᠤ ᠰᠢᠭᠤᠳ ᠬᠦᠷᠬᠦ D3 ᠨᠡᠶᠢᠲᠡ ᠶᠢᠨ ᠮᠠᠰᠢᠨ ᠲᠡᠷᠭᠡᠨ ᠤ ᠱᠤᠭᠤᠮ | ᠪᠠ ᠰᠢᠶᠠ ᠱᠢ ᠬᠤᠤ ᠪᠠᠯᠭᠠᠰᠤᠨ ᠤ ᠰᠢᠶᠠᠨ ᠤ ᠬᠤᠲᠠ ᠳᠤ ᠰᠢᠭᠤᠳ ᠬᠦᠷᠬᠦ C20 ᠨᠡᠶᠢᠲᠡ ᠶᠢᠨ ᠮᠠᠰᠢᠨ | ᠲᠡᠷᠭᠡᠨ ᠤ ᠱᠤᠭᠤᠮ ᠢ ᠨᠡᠮᠡᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ 66.5 ᠺᠢᠯᠣᠮᠧ᠊ᠲᠷ | ᠰᠢᠨ᠎ᠡ ᠪᠠᠷ ᠪᠠᠶᠢᠭᠤᠯᠵᠤ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠥᠭᠡᠳ ᠥᠨᠳᠥᠷ | ᠪᠦᠲᠦᠮᠵᠢᠲᠡᠢ ᠪᠣᠯᠭᠠᠨ᠎ᠠ᠃ ᠡᠭᠦᠨ ᠤ ᠬᠠᠮᠲᠤ᠂ ᠪᠥᠬᠦ ᠰᠢᠶᠠᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ | ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠪᠠ ᠡᠷᠡᠭᠦᠯ ᠬᠠᠮᠠᠭᠠᠯᠠᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠳᠤᠯᠠᠭᠠᠴᠠᠬᠤ ᠢᠨᠵᠧᠨᠧᠷᠢᠩ ᠤᠨ ᠬᠤᠭᠤᠯᠠᠢ ᠲᠣᠣᠷ ᠢ ᠥᠭᠡᠷᠡᠴᠢᠯᠡᠬᠦ ᠲᠥᠷᠥᠯ | ᠵᠦᠢᠯ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠰᠠᠶᠢᠵᠢᠷᠠᠭᠤᠯᠤᠨ᠎ᠠ | ᠃ ᠪᠤᠭᠤᠲᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠭᠦᠶᠠᠩ ᠤᠨ | ᠰᠡᠳᠬᠢᠯ ᠢᠶᠠᠨ ᠨᠢᠭᠡᠳᠬᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠭᠠᠷᠭᠠᠵᠤ᠂ ᠪᠤᠭᠤᠲᠤ ᠶᠢᠨ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠣᠨᠣᠪᠴᠢᠯᠠᠭᠰᠠᠨ᠂ ᠳᠥᠭᠦᠮ ᠳᠥᠲᠡ ᠦᠢᠯᠡᠴᠢᠯᠡᠭᠡ ᠬᠠᠩᠭᠠᠪᠠ᠃ | ᠣᠳᠣᠬᠠᠨ ᠪᠣᠯᠲᠠᠯ᠎ᠠ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠨᠡᠶᠢᠲᠡ 21 ᠲᠦᠮᠡ ᠭᠠᠷᠤᠢ ᠬᠥᠮᠦᠨ | ᠤᠳᠠᠭ᠎ᠠ ᠬᠦᠯᠢᠶᠡᠨ ᠠᠪᠴᠤ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ 24 ᠲᠦᠮᠡ ᠭᠠᠷᠤᠢ ᠭᠦᠢᠴᠡᠳᠬᠡᠵᠦ᠂ | ᠭᠠᠳᠠᠭᠰᠢ ᠭᠠᠷᠤᠭᠰᠠᠨ ᠨᠡᠭᠦᠳᠡᠯ ᠬᠥᠮᠦᠨ ᠠᠮᠠ ᠶᠢᠨ ᠳᠣᠲᠣᠷᠠᠬᠢ ᠠᠮᠢᠳᠤᠷᠠᠯ ᠨᠢ ᠬᠦᠴᠢᠷᠳᠡᠯᠲᠡᠢ ᠭᠡᠷ ᠪᠦᠯᠢ᠂ | ᠵᠡᠮᠳᠡᠭ ᠡᠪᠡᠳᠴᠢᠲᠡᠨ᠂ ᠴᠡᠷᠢᠭ ᠠᠴᠠ ᠬᠠᠯᠠᠭᠳᠠᠭᠰᠠᠳ ᠤᠨ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠲᠤ | ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ᠂ ᠠᠯᠪᠠᠨ ᠵᠢᠷᠤᠮ ᠤᠨ ᠡᠮᠴᠢᠯᠡᠭᠡ᠂ | ᠣᠷᠣᠰᠢᠨ ᠲᠣᠭᠲᠠᠨᠢᠬᠤ ᠶᠢ ᠭᠡᠷᠡᠴᠢᠯᠡᠬᠦ ᠵᠡᠷᠭᠡ ᠦᠢᠯᠡᠴᠢᠯᠡᠭᠡ 750 ᠭᠠᠷᠤᠢ ᠬᠥᠮᠦᠨ ᠤᠳᠠᠭ᠎ᠠ ᠬᠠᠩᠭᠠᠵᠤ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ | ᠦᠨᠡᠨ ᠬᠦ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠪᠠᠷ ᠡᠳ᠋ᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃ | ︽ᠠᠵᠢᠯ ᠣᠯᠭᠤᠵᠤ ᠠᠳᠠᠯ ᠦᠢᠯᠡᠰ ᠴᠣᠭᠴᠠᠯᠠᠬᠤ︾ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠤᠷᠢᠬᠠᠨ ᠰᠠᠯᠬᠢᠨ ᠤ ᠠᠵᠢᠯᠯᠠᠭ᠎ᠠ︾ ︽ᠬᠠᠪᠤᠷ ᠤᠨ ᠳᠤᠯᠠᠭᠠᠨ ᠳᠤ | ᠮᠠᠯᠴᠢᠨ ᠲᠠᠷᠢᠶᠠᠴᠢᠨ ᠤ ᠬᠦᠴᠦ ᠶᠠᠪᠤᠭᠴᠢ︾ ᠦᠢᠯᠡᠴᠢᠯᠡᠭᠡᠨ ᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ︽ | ᠭᠤᠷᠪᠠ ᠶᠢ ᠡᠷᠢᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶᠢᠯᠠᠯ ᠪᠠ | ᠬᠥᠳᠡᠯᠮᠦᠷᠢ ᠬᠦᠴᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠣᠯᠠᠨ ᠡᠰᠢᠵᠢᠭᠰᠡᠨ ᠵᠣᠯᠭᠠᠭᠤᠯᠬᠤ | ᠲᠠᠪᠴᠠᠩ ᠪᠠᠶᠢᠭᠤᠯᠤᠨ ᠥᠭᠴᠦ᠂ ᠳ᠋ᠦᠩ ᠹᠠᠩ ᠿᠢ ᠱᠧᠩ᠂ ᠬᠤᠩ ᠶᠤᠸᠠᠨ᠂ ᠪᠦᠷᠢᠨ ᠵᠡᠷᠭᠡ 27 | ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠰᠦᠯᠵᠢᠶᠡᠨ ᠳᠡᠭᠡᠷ᠎ᠡ ︽ | ᠭᠦᠶᠡᠩ︾ ᠪᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠪᠠᠷ 39 ᠤᠳᠠᠭ᠎ᠠ ᠠᠵᠢᠯ ᠤᠨ ᠪᠠᠶᠢᠷᠢ ᠶᠢ ᠳᠠᠭᠠᠭᠤᠯᠪᠠ︔ | ᠰᠦᠯᠵᠢᠶᠡᠨ ᠭᠠᠳᠠᠨ᠎ᠠ ᠲᠤᠰᠬᠠᠢ ᠠᠵᠢᠯᠲᠠᠨ ᠡᠯᠰᠡᠬᠦ ᠴᠤᠭᠯᠠᠭᠠᠨ 17 ᠲᠠᠯᠠᠪᠤᠷ ᠡᠷᠬᠢᠯᠡᠵᠦ᠂ 36 ᠠᠵᠤ | ᠠᠬᠤᠶᠢᠯᠠᠯ ᠳᠤ ᠦᠢᠯᠡᠴᠢᠯᠡᠵᠦ᠂ 457 ᠠᠵᠢᠯ ᠤᠨ ᠪᠠᠶᠢᠷᠢ ᠬᠠᠩᠭᠠᠵᠤ᠂ ᠠᠩᠬ᠎ᠠ ᠠᠯᠬᠤᠮ 1271 ᠬᠥᠮᠦᠨ ᠳᠤ | ᠠᠵᠢᠯ ᠣᠯᠭᠤᠬᠤ ᠰᠠᠨᠠᠮᠵᠢ ᠲᠣᠭᠲᠠᠪᠠ᠃ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ | ᠣᠯᠭᠤᠬᠤ ᠶᠢ 6 ᠰᠠᠷ᠎ᠠ ᠠᠴᠠ ᠳᠡᠭᠡᠭᠰᠢ 5.29 ᠲᠦᠮᠡᠨ ᠬᠥᠮᠦᠨ ᠪᠡᠶᠡᠯᠡᠭᠦᠯᠦᠨ᠎ᠡ᠃ ᠱᠠᠨ ᠪᠧᠶ ᠶᠢᠨ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠲᠦᠰᠢᠭᠯᠡᠨ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠳᠤᠲᠠᠭᠳᠠᠵᠤ ᠪᠠᠶᠢᠭ᠎ᠠ ᠠᠵᠢᠯ ᠳᠤ ᠴᠢᠭᠯᠡᠭᠦᠯᠦᠨ ᠬᠠᠨᠳᠤᠯᠭᠠᠲᠤ ᠪᠣᠯᠪᠠᠰᠤᠷᠠᠭᠤᠯᠤᠯ ᠥᠷᠨᠢᠭᠦᠯᠵᠦ᠂ | ᠨᠠᠰᠤ ᠠᠬᠢᠭᠰᠠᠨ ᠬᠥᠮᠦᠰ᠂ ᠠᠵᠢᠯ ᠠᠯᠳᠠᠭᠰᠠᠳ᠂ ᠨᠤᠲᠤᠭ ᠳᠠᠭᠠᠨ ᠪᠤᠴᠠᠭᠰᠠᠨ ᠮᠠᠯᠴᠢᠨ ᠲᠠᠷᠢᠶᠠᠴᠢᠨ ᠵᠡᠷᠭᠡ | ᠬᠥᠮᠦᠰ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠨᠡᠩ ᠣᠯᠠᠨ ᠣᠯᠠᠨ ᠲᠦᠮᠡᠨ ᠤ | ᠡᠩ ᠤᠨ ᠠᠵᠢᠯᠴᠢᠨ ᠠᠴᠠ ᠮᠡᠷᠭᠡᠵᠢᠯ ᠤᠨ ᠠᠵᠢᠯᠴᠢᠨ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | 2024 ᠣᠨ ᠳᠤ᠂ ᠬᠡᠷᠡᠭᠯᠡᠭᠡᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠪᠣᠯᠤᠨ ᠦᠢᠯᠡᠰ ᠪᠤᠰᠬᠠᠬᠤ ᠪᠣᠯᠪᠠᠰᠤᠷᠠᠯ ᠢ | ᠨᠡᠶᠢᠲᠡ 1261 ᠬᠥᠮᠦᠨ ᠤᠳᠠᠭ᠎ᠠ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠵᠤ | ᠦᠢᠯᠡᠰ ᠪᠣᠰᠬᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠳᠠᠪᠤᠷᠢᠲᠠᠨ ᠤ ᠰᠠᠭᠤᠷᠢ ᠶᠢ ᠴᠢᠨᠠᠭᠰᠢᠳᠠ ᠪᠠᠲᠤᠳᠬᠠᠪᠠ᠃ | ︽ᠠᠵᠤ ᠦᠢᠯᠡᠰ ᠢ ᠬᠠᠮᠲᠤᠪᠠᠷ ᠬᠥᠭᠵᠢᠭᠦᠯᠬᠦ︾ ᠬᠥᠭᠵᠢᠮ ᠤᠨ ᠴᠢᠪᠬᠠᠳᠠᠰᠤ ᠶᠢ ᠰᠠᠶᠢᠲᠤᠷ ᠲᠤᠤᠱᠯᠠᠭᠤᠯᠵᠤ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠯᠡᠮᠡᠯ ᠬᠦᠴᠦᠨ ᠢ ᠨᠢᠭᠳᠠᠷᠠᠭᠤᠯᠤᠨ᠎ᠠ᠃ ᠣᠨᠴᠠᠯᠢᠭᠲᠤ | ᠠᠵᠤ ᠦᠢᠯᠡᠰ ᠪᠠ ᠡᠷᠦᠬᠡ ᠳᠤ ᠬᠦᠷᠦᠭᠰᠡᠨ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠰᠢᠶᠠᠨ ᠤ ᠬᠡᠪᠴᠢᠶᠡᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠡᠭᠦᠰᠭᠡᠯ ᠪᠠ ᠲᠡᠭᠦᠰᠬᠡᠯ ᠪᠣᠯᠭᠠᠵᠤ᠂ ᠠᠵᠤ ᠦᠢᠯᠡᠰ ᠤᠨ | ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠶᠢᠨ ᠴᠢᠬᠤᠯᠠ ᠠᠴᠢ ᠬᠤᠯᠪᠣᠭᠳᠠᠯ ᠢ ᠣᠯᠭᠤᠨ᠎ᠠ᠃ ︽41。︾ ᠭᠦᠶᠡᠩ ᠰᠢᠶᠠᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠨᠢ ︽ᠥᠪᠥᠷ ᠮᠣᠩᠭᠤᠯ ᠤᠨ ᠨᠡᠷᠡᠲᠦ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠳᠡᠮᠳᠡᠭ︾ ᠭᠥᠷᠳᠡᠵᠦ᠂ ︽ᠭᠦᠶᠡᠩ ᠤᠨ ᠨᠡᠶᠮᠡᠨ ᠡᠷᠳᠡᠨᠢ︾ ᠨᠢ | ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠪᠦᠲᠦᠭᠡᠭᠳᠡᠬᠦᠨ ᠤ ᠭᠡᠷᠡᠴᠢᠯᠡᠯ ᠢ ᠭᠥᠷᠳᠡᠵᠦ᠂ | ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠰᠢᠭᠤᠳ | ᠡᠵᠡᠩᠨᠡᠯᠲᠡ ᠶᠢᠨ ᠣᠨᠴᠠ ᠭᠠᠷᠤᠯᠲᠠ ᠶᠢᠨ ᠳᠡᠯᠭᠡᠭᠦᠷ 6 ᠪᠠᠶᠢᠵᠤ᠂ ᠨᠡᠶᠢᠲᠡ 17 ᠪᠣᠯᠵᠤ᠂ ᠨᠡᠷᠡᠲᠦ ᠲᠡᠮᠳᠡᠭ ᠤᠨ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠪᠡ᠃ ᠭᠦᠶᠡᠩ ᠤᠨ ᠬᠤᠨᠴᠢᠷ᠂ ᠬᠤᠨᠢᠨ ᠮᠢᠬ᠎ᠠ᠂ | ᠬᠤᠸᠠᠢ ᠱᠦᠸᠧ ᠬᠤᠨᠴᠢᠷ ᠨᠢ ᠣᠯᠠᠨ ᠤᠯᠤᠰ ᠤᠨ ᠡᠮ ᠬᠤᠭᠤᠯᠠ ᠲᠡᠵᠢᠭᠡᠬᠦ ᠬᠥᠭᠵᠢᠯᠲᠡ ᠶᠢᠨ ᠶᠡᠭᠡ ᠬᠤᠷᠠᠯ ᠤᠨ | ᠴᠠᠭᠠᠨ ᠠᠯᠲᠠᠨ ᠮᠧᠳᠠᠯ ᠤᠨ ᠬᠠᠮᠲᠤᠷᠠᠯᠴᠠᠭᠠᠨ ᠤ ᠨᠢᠭᠡᠴᠢ ᠶᠢᠨ ᠦᠨᠡᠮᠯᠡᠯ ᠣᠯᠵᠤ᠂ ᠭᠦᠶᠡᠩ ᠤᠨ ᠲᠠᠷᠢᠶᠠᠯᠠᠩ ᠤᠨ | ᠪᠦᠲᠦᠭᠡᠭᠳᠡᠬᠦᠨ ᠤ ᠴᠢᠨᠠᠷ ᠰᠠᠶᠢᠲᠠᠢ ᠪᠥᠭᠡᠳ ᠥᠪᠡᠷᠮᠢᠴᠡ ᠥᠷᠲᠡᠭ ᠢ ᠢᠯᠡᠷᠡᠭᠦᠯᠪᠡ᠃ ᠤᠯᠤᠰ ᠤᠨ 4A ᠳᠡᠰ ᠤᠨ | ᠦᠵᠡᠮᠵᠢ ᠶᠢᠨ ᠣᠷᠣᠨ ᠤ ᠴᠦᠨ ᠺᠦᠨ ᠱᠠᠨ ᠤ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ︽ᠳ᠋ᠠ ᠮᠢᠶᠣᠣ | ᠠᠶᠢᠯ︾ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠡᠭᠦᠳᠦᠨ ᠪᠠᠶᠢᠭᠤᠯᠵᠤ᠂ 13 ᠡᠷᠦᠬᠡ | ᠲᠣᠰᠬᠤᠨ ᠤ ᠠᠷᠠᠳ ᠲᠠᠷᠢᠶᠠᠴᠢᠨ ᠠᠶᠢᠯ ᠤᠨ ᠵᠢᠭᠤᠯᠴᠢᠯᠠᠯ ᠪᠠ ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ | ᠵᠢᠭᠤᠯᠴᠢᠯᠠᠯ ᠤᠨ ᠠᠵᠤ ᠦᠢᠯᠡᠰ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠦᠨᠵᠡᠭᠡᠢ | ᠠᠭᠤᠰᠤᠯᠴᠠᠯ ᠢ ᠪᠡᠶᠡᠯᠡᠭᠦᠯᠪᠡ᠃ 2024 ᠣᠨ ᠳᠤ᠂ ᠪᠥᠬᠦ ᠰᠢᠶᠠᠨ ᠤ 27 ᠲᠣᠰᠬᠤᠨ ᠤ ᠨᠠᠮ ᠤᠨ ᠡᠭᠦᠷ | ᠬᠤᠷᠰᠢᠶ᠎ᠡ ᠶᠢ ᠳᠠᠭᠠᠭᠤᠯᠤᠨ ᠡᠷᠬᠢᠯᠡᠵᠦ᠂ 1553 ᠲᠣᠰᠬᠤᠨ ᠤ ᠠᠷᠠᠳ ᠢ ᠬᠤᠪᠢ ᠣᠷᠣᠭᠤᠯᠵᠤ᠂ 200 ᠲᠦᠮᠡᠨ | ᠲᠥᠭᠦᠷᠢᠭ ᠤᠨ ᠠᠰᠢᠭ ᠬᠤᠪᠢᠶᠠᠷᠢᠯᠠᠵᠤ᠂ 500 ᠭᠠᠷᠤᠢ ᠲᠣᠰᠬᠤᠨ ᠤ ᠠᠷᠠᠳ ᠤᠨ ᠠᠵᠢᠯ ᠣᠯᠭᠤᠯᠲᠠ ᠶᠢ | ᠳᠠᠶᠢᠴᠢᠯᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠠᠰᠢᠭ ᠣᠷᠣᠯᠭ᠎ᠠ | 6000 ᠲᠦᠮᠡᠨ ᠲᠥᠭᠦᠷᠢᠭ ᠢ ᠳᠠᠪᠠᠵᠠᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ | ᠪᠠᠶᠠᠵᠢᠬᠤ ᠶᠢ ᠪᠦᠲᠦᠮᠵᠢᠲᠡᠢ ᠳᠠᠶᠢᠴᠢᠯᠠᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | |