ᠤᠰᠤᠲᠤᠯ ᠤᠨ ᠭᠤᠣᠯ ︵ᠭᠦᠶᠡᠩ ᠤᠨ ᠬᠡᠰᠡᠭ︶ ᠤᠨ ᠭᠤᠣᠯ ᠮᠥᠷᠡᠨ ᠤ ᠬᠡᠪᠴᠢᠶᠡᠨ ᠳᠣᠲᠣᠷ᠎ᠠ ᠬᠠᠤᠯᠢ ᠪᠤᠰᠤ ᠪᠠᠷ ᠬᠠᠰᠢᠯᠭ᠎ᠠ ᠬᠦᠷᠢᠶ᠎ᠡ ᠪᠠ ᠲᠠᠷᠢᠮᠠᠯ ᠲᠠᠷᠢᠬᠤ᠂ ᠤᠰᠤᠨ ᠢᠯᠲᠠᠰᠤ ᠶᠢᠨ ᠰᠢᠭᠤᠢ ᠶᠢ ᠬᠤᠷᠢᠭᠯᠠᠬᠤ ᠵᠡᠷᠭᠡ ᠵᠦᠢᠯᠡᠰ ᠢ ᠴᠢᠩᠭ᠎ᠠ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/3/25
     ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠳᠥᠷᠪᠡᠨ ᠰᠠᠮᠠᠭᠤᠨ ᠢ ᠴᠡᠪᠡᠷᠯᠡᠬᠦ ᠠᠵᠢᠯᠯᠠᠭ᠎ᠠ︾ ᠶᠢ ᠡᠷᠭᠢᠨ ᠦᠵᠡᠬᠦ ᠵᠢᠴᠢ ︽ᠣᠩᠭᠤᠴᠠ ᠴᠡᠪᠡᠷᠯᠡᠬᠦ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ︾ ︵2024 ᠣᠨ ᠤ 3 ᠳ᠋ᠤᠭᠠᠷ ᠲᠣᠭᠠᠲᠤ ᠶᠡᠷᠦᠩᠬᠡᠶ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠵᠠᠷᠯᠢᠭ︶᠂ ᠪᠤᠭᠤᠲᠤ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠡᠷᠬᠢᠨ ᠬᠠᠷᠠᠬᠤ ᠵᠢᠴᠢ ︽ᠣᠩᠭᠤᠴᠠ ᠴᠡᠪᠡᠷᠯᠡᠬᠦ ᠠᠵᠢᠯᠯᠠᠭ᠎ᠠ︾ ᠶᠢᠨ ᠬᠡᠷᠡᠭᠵᠢᠭᠦᠯᠬᠦ ᠲᠥᠰᠦᠯ ︵ᠪᠦᠦ ᠾᠧ ᠳᠠᠷᠤᠭ᠎ᠠ ᠠᠯᠪᠠᠨ ︹2020︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠭᠤᠤᠯ ᠤᠨ ᠤᠷᠤᠰᠬᠠᠯ ᠳᠡᠯᠭᠡᠷᠡᠬᠦ ᠴᠢᠳᠠᠪᠤᠷᠢ ᠶᠢ ᠦᠷᠭᠦᠯᠵᠢᠯᠡᠨ ᠰᠡᠷᠭᠦᠭᠡᠨ᠎ᠡ᠃ ᠡᠳᠦᠭᠡ ᠤᠰᠤᠨ ᠲᠤᠯᠭ᠎ᠠ ᠶᠢᠨ ᠭᠤᠣᠯ ︵ᠭᠦᠶᠡᠩ ᠤᠨ ᠬᠡᠰᠡᠭ︶ ᠤᠨ ᠭᠤᠣᠯ ᠪᠣᠯᠬᠤ ᠭᠤᠣᠯ ᠤᠨ ᠬᠤᠩᠭᠢᠯ ᠤᠨ ᠬᠡᠪᠴᠢᠶᠡᠨ ᠳᠣᠲᠣᠷᠠᠬᠢ ᠬᠠᠮᠢᠶ᠎ᠠ ᠪᠦᠬᠦᠢ ᠴᠠᠭᠠᠵᠠᠯᠠᠬᠤ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠠᠵᠢᠯ ᠤᠨ ᠬᠠᠷᠠᠯᠲᠠ     2025 ᠣᠨ ᠤ ᠦᠶᠡᠷ ᠤᠨ ᠬᠤᠭᠤᠴᠠᠭ᠎ᠠ ᠠᠴᠠ ᠡᠮᠦᠨ᠎ᠡ᠂ ᠤᠰᠤᠲᠤᠯ ᠤᠨ ᠭᠤᠣᠯ ︵ᠭᠦᠶᠡᠩ ᠤᠨ ᠬᠡᠰᠡᠭ︶ ︽ᠨᠢᠭᠡ ᠱᠤᠭᠤᠮ ᠬᠤᠶᠠᠷ ᠣᠷᠣᠨ︾ ︵ᠲᠠᠷᠢᠬᠤ ᠶᠢ ᠴᠠᠭᠠᠵᠠᠯᠠᠬᠤ ᠱᠤᠭᠤᠮ᠂ ᠭᠤᠣᠯ ᠭᠤᠯᠳᠤᠷᠢᠯ ᠤᠨ ᠣᠷᠣᠨ᠂ ᠲᠠᠩ ᠭᠠᠵᠠᠷ︶ ᠤᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠭᠤᠣᠯ ᠭᠤᠯᠳᠤᠷᠢᠯ ᠤᠨ ᠣᠷᠣᠨ ᠤ ᠲᠣᠭᠲᠠᠭᠠᠯ ᠠᠴᠠ ᠵᠥᠷᠢᠴᠡᠨ ᠲᠠᠷᠢᠬᠤ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠬᠤ ᠶᠢ ᠴᠠᠭᠠᠵᠠᠯᠠᠵᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠪᠣᠯᠬᠤ ᠭᠤᠣᠯ ᠤᠨ ᠬᠤᠩᠭᠢᠯ ᠤᠨ ᠣᠷᠣᠨ ᠤ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠤᠢ ᠮᠣᠳᠣ᠂ ᠬᠠᠰᠢᠯᠭ᠎ᠠ ᠳᠠᠯᠠᠩ ᠢ ᠪᠥᠭᠯᠡᠵᠦ ᠪᠠᠶᠢᠭᠠᠳ ᠪᠥᠭᠯᠡᠨ ᠵᠠᠰᠠᠵᠤ᠂ ᠦᠶᠡᠷ ᠵᠠᠯᠠᠬᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠪᠤᠰᠤᠳ ᠭᠤᠤᠯ ᠮᠥᠷᠡᠨ ᠨᠠᠭᠤᠷ ᠴᠥᠭᠦᠷᠥᠮ ᠳᠤ ︽ᠳᠥᠷᠪᠡᠨ ᠰᠠᠮᠠᠭᠤᠨ ᠢ ᠠᠷᠢᠯᠭᠠᠬᠤ︾ ᠪᠠᠶᠢᠩᠭᠤᠵᠢᠭᠰᠠᠨ ᠠᠵᠢᠯ ᠢ ᠥᠷᠨᠢᠭᠦᠯᠵᠦ᠂ ᠭᠤᠤᠯ ᠤᠨ ᠵᠠᠮ ᠤᠨ ᠣᠷᠴᠢᠨ ᠲᠣᠭᠤᠷᠢᠨ ᠢ ᠦᠨᠡᠨ ᠬᠦ ᠬᠠᠮᠠᠭᠠᠯᠠᠵᠤ᠂ ᠭᠤᠤᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠰᠠᠭᠠᠳ ᠥᠬᠡᠶ ᠨᠡᠪᠲᠡᠷᠡᠭᠦᠯᠪᠡ᠃     ᠬᠤᠶᠠᠷ᠂ ᠦᠷ᠎ᠡ ᠲᠠᠲᠠᠬᠤ ᠶᠢ ᠴᠠᠭᠠᠵᠠᠯᠠᠬᠤ ᠱᠤᠭᠤᠮ ᠤᠨ ᠳᠣᠲᠣᠷ᠎ᠠ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ     ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ ︽ᠬᠤᠩᠭᠢᠯ ᠢ ᠴᠡᠪᠡᠷᠯᠡᠬᠦ ᠠᠵᠢᠯᠯᠠᠭ᠎ᠠ︾ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠵᠦ᠂ ᠤᠰᠤᠲᠤᠯ ᠤᠨ ᠭᠤᠤᠯ ᠤᠨ ᠬᠤᠶᠠᠷ ᠬᠠᠵᠠᠭᠤ ᠶᠢᠨ ᠳᠠᠷᠢᠬᠤ ᠶᠢ ᠴᠠᠭᠠᠵᠠᠯᠠᠬᠤ ᠱᠤᠭᠤᠮ ᠤᠨ ᠬᠤᠭᠤᠷᠣᠨᠳᠣᠬᠢ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠳᠠᠷᠢᠬᠤ ᠶᠢ ᠴᠠᠭᠠᠵᠠᠯᠠᠬᠤ ᠱᠤᠭᠤᠮ ᠬᠢᠭᠡᠳ ᠬᠠᠰᠢᠯᠭ᠎ᠠ ᠳᠠᠯᠠᠩ ᠤᠨ ᠬᠤᠭᠤᠷᠣᠨᠳᠣᠬᠢ ᠣᠷᠣᠨ ᠪᠦᠰᠡ ᠶᠢ ᠲᠠᠩ ᠭᠠᠵᠠᠷ ᠢᠶᠠᠷ ᠵᠠᠭᠠᠭᠯᠠᠨ ᠲᠣᠭᠲᠠᠭᠠᠵᠤ᠂ ︽ᠨᠢᠭᠡ ᠱᠤᠭᠤᠮ ᠬᠤᠶᠠᠷ ᠣᠷᠣᠨ︾ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠤᠯ ᠪᠣᠯᠬᠤ ᠭᠤᠤᠯ ᠤᠨ ᠭᠤᠯᠳᠤᠷᠢᠯ ᠤᠨ ᠣᠷᠣᠨ ᠳᠤ ᠳᠠᠷᠢᠬᠤ ᠶᠢ ᠴᠠᠭᠠᠵᠠᠯᠠᠬᠤ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠤᠴᠠᠭᠠᠨ ᠭᠠᠷᠭᠠᠵᠤ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠣᠶ ᠮᠣᠳᠣ᠂ ᠬᠦᠷᠢᠶ᠎ᠡ ᠬᠠᠰᠢᠯᠭ᠎ᠠ ᠵᠡᠷᠭᠡ ᠶᠢ ᠴᠠᠭ ᠲᠤᠬᠠᠶ ᠳᠤᠨᠢ ᠴᠡᠪᠡᠷᠯᠡᠵᠦ᠂ ᠤᠰᠤ ᠶᠢ ᠬᠠᠰᠢᠬᠤ ᠵᠠᠮ᠂ ᠬᠥᠭᠦᠷᠭᠡ ᠵᠡᠷᠭᠡ ᠶᠢ ᠲᠦᠷᠭᠡᠳᠬᠡᠨ ᠥᠭᠡᠷᠡᠴᠢᠯᠡᠵᠦ᠂ ᠤᠰᠤᠨ ᠤ ᠤᠷᠤᠰᠬᠠᠯ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠪᠠ᠃ ᠲᠠᠩ ᠭᠠᠵᠠᠷ ᠤᠨ ᠣᠷᠣᠨ ᠳᠤ᠂ ᠤᠰᠤᠨ ᠠᠰᠢᠭᠯᠠᠯᠲᠠ ᠶᠢᠨ ᠶᠠᠮᠤᠨ ᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠴᠡᠭᠴᠡᠯᠡᠨ ᠵᠠᠰᠠᠵᠤ᠂ ᠬᠤᠤᠷ ᠶᠡᠬᠡᠲᠡᠶ᠂ ᠰᠢᠷᠦᠭᠦᠨ ᠬᠤᠤᠷᠲᠤ ᠲᠠᠷᠢᠶᠠᠨ ᠡᠮ ᠵᠡᠷᠭᠡ ᠣᠯᠠᠨ ᠡᠬᠢᠲᠦ ᠪᠣᠬᠢᠷᠲᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃   ᠭᠤᠷᠪᠠ᠂ ᠡᠯ᠎ᠡ ᠲᠥᠷᠥᠯ ᠤᠨ ᠭᠤᠣᠯ ᠮᠥᠷᠡᠨ ᠳᠤ ᠬᠤᠯᠪᠣᠭᠳᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ     ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ᠂ ᠡᠩ ᠤᠨ ᠲᠠᠷᠢᠶᠠᠨ ᠭᠠᠵᠠᠷ᠂ ᠲᠠᠷᠢᠮᠠᠯ ᠲᠠᠷᠢᠬᠤ ᠲᠠᠯᠠᠪᠠᠢ ᠵᠢᠴᠢ ᠭᠡᠷ ᠪᠠᠶᠢᠰᠢᠩ ᠵᠡᠷᠭᠡ ᠬᠠᠮᠢᠶ᠎ᠠ ᠪᠦᠬᠦᠢ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠡᠯ᠎ᠡ ᠵᠦᠢᠯ ᠤᠨ ᠨᠡᠷ᠎ᠡ ᠪᠠᠷ ᠭᠤᠣᠯ ᠤᠨ ᠵᠠᠮ ᠢ ᠬᠦᠷᠢᠶᠡᠯᠡᠨ ᠬᠠᠭᠠᠯᠪᠤᠷᠢᠯᠠᠬᠤ᠂ ᠲᠣᠭᠲᠠᠭᠠᠯ ᠠᠴᠠ ᠵᠥᠷᠢᠴᠡᠨ ᠤᠰᠤ ᠠᠪᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠬᠠᠰᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠂ ᠵᠢᠭᠠᠰᠤᠨ ᠴᠥᠭᠦᠷᠥᠮ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ ᠲᠥᠬᠦᠭᠡᠷᠦᠮᠵᠢ ᠶᠢ ᠮᠠᠯᠲᠠᠨ ᠪᠠᠶᠢᠭᠤᠯᠵᠤ ᠪᠣᠯᠬᠤ ᠦᠭᠡᠢ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢᠨ ᠪᠤᠯᠠᠰᠢᠯᠠᠬᠤ᠂ ᠰᠢᠷᠣᠶ ᠠᠪᠬᠤ᠂ ᠡᠯᠡᠰᠦ ᠮᠠᠯᠲᠠᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠠᠷᠢᠬᠤ ᠵᠡᠷᠭᠡ ᠭᠤᠣᠯ ᠤᠨ ᠵᠠᠮ ᠤᠨ ᠤᠰᠤᠨ ᠣᠷᠣᠨ ᠤ ᠡᠷᠭᠢ ᠶᠢᠨ ᠱᠤᠭᠤᠮ ᠵᠢᠴᠢ ᠵᠣᠷᠢᠭᠤᠳᠠ ᠰᠠᠭᠠᠳ ᠭᠠᠷᠭᠠᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ ᠲᠣᠭᠲᠠᠮᠠᠯ᠂ ᠰᠢᠯᠵᠢᠮᠡᠯ᠂ ᠲᠦᠷ ᠴᠠᠭ ᠤᠨ ᠪᠠᠷᠢᠯᠭ᠎ᠠ ᠪᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠠ ᠵᠣᠭᠰᠣᠭᠠᠵᠤ ᠪᠣᠯᠬᠤ ᠦᠭᠡᠢ᠃ ᠭᠠᠳᠠᠭᠰᠢᠯᠠᠭᠤᠯᠬᠤ ᠪᠠᠷᠢᠮᠵᠢᠶ᠎ᠠ ᠳᠤ ᠥᠯᠥ ᠬᠦᠷᠬᠦ ᠠᠮᠢᠳᠤᠷᠠᠯ ᠤᠨ ᠪᠣᠬᠢᠷ ᠤᠰᠤ᠂ ᠲᠡᠵᠢᠭᠡᠨ ᠦᠷᠡᠵᠢᠭᠦᠯᠬᠦ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠭᠤᠣᠯ ᠤᠨ ᠵᠠᠮ ᠳᠤ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃     ᠳᠥᠷᠪᠡ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ     ᠰᠢᠩ ᠱᠦᠨ ᠰᠢ ᠪᠠᠯᠭᠠᠰᠤ᠂ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠪᠥᠬᠦ ᠲᠠᠯ᠎ᠠ ᠪᠠᠷ ᠴᠢᠩᠭᠠᠳᠬᠠᠵᠤ᠂ ᠢᠯᠠᠩᠭᠤᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭᠠᠨ ᠳᠤ᠂ ᠪᠥᠬᠦ ᠶᠠᠪᠤᠴᠠ ᠪᠠᠷ᠂ ᠪᠦᠬᠦᠨ ᠢ ᠬᠠᠮᠤᠷᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠲᠠᠷᠢᠭᠰᠠᠨ ᠵᠢᠴᠢ ᠬᠤᠤᠷ ᠶᠡᠬᠡᠲᠡᠶ᠂ ᠬᠤᠤᠷᠲᠠᠶ ᠲᠠᠷᠢᠶᠠᠨ ᠡᠮ ᠢ ᠬᠡᠷᠡᠭᠯᠡᠭᠰᠡᠨ ᠦᠢᠯᠡ ᠠᠵᠢᠯᠯᠠᠭ᠎ᠠ ᠶᠢ ᠲᠡᠷᠡ ᠳᠠᠷᠤᠶ ᠳᠤᠨᠢ ᠵᠢᠭᠰᠠᠭᠠᠨ ᠪᠠᠶᠢᠴᠠᠭᠠᠵᠤ᠂ ᠲᠣᠰ ᠵᠠᠷᠯᠠᠯ ᠤᠨ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠵᠣᠬᠢᠬᠤ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠷ᠎ᠡ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠵᠢᠴᠢ ᠲᠣᠭᠲᠠᠭᠠᠯ ᠠᠴᠠ ᠵᠥᠷᠢᠴᠡᠭᠰᠡᠨ ᠭᠤᠤᠯ ᠮᠥᠷᠡᠨ ᠳᠤ ᠬᠤᠯᠪᠣᠭᠳᠠᠬᠤ ᠪᠤᠰᠤᠳ ᠠᠵᠢᠯᠯᠠᠭ᠎ᠠ ᠪᠦᠬᠦᠨ ᠢ ᠪᠣᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠥᠮᠦᠨ ᠨᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠷᠭᠠᠭᠰᠠᠨ ᠠᠯᠢᠪᠠ ᠬᠤᠬᠢᠷᠠᠯ ᠢ ᠴᠥᠮ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠥᠮᠦᠨ ᠥᠪᠡᠷ ᠢᠶᠠᠷ ᠨᠢ ᠡᠭᠦᠷᠭᠡᠯᠡᠨ᠎ᠡ᠃   ᠲᠠᠪᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ     ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠠᠷᠢᠶᠠᠴᠢᠨ ᠡᠷᠦᠬᠡ ᠶᠢᠨ ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠪᠠᠯᠭᠠᠰᠤᠨ ᠤ ᠵᠠᠰᠠᠭ ᠤᠨ ᠣᠷᠳᠣᠨ ᠤᠬᠠᠭᠤᠯᠵᠤ ᠬᠥᠲᠥᠯᠥᠨ ᠵᠢᠯᠣᠭᠤᠳᠬᠤ ᠪᠠᠨ ᠦᠨᠡᠨ ᠬᠦ ᠴᠢᠩᠭᠠᠳᠬᠠᠵᠤ᠂ ᠸᠢᠴᠠᠲ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠣᠯᠠᠨ ᠶᠠᠩᠵᠤ ᠶᠢᠨ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠳᠠᠷᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠢᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃     ᠵᠢᠷᠭᠤᠭ᠎ᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ     ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠦᠷ᠎ᠡ ᠴᠠᠭᠠᠵᠠᠯᠠᠬᠤ ᠬᠡᠪᠴᠢᠶᠡᠨ ᠳᠣᠲᠣᠷ᠎ᠠ ᠵᠠᠷᠯᠠᠯ ᠢ ᠵᠥᠷᠢᠴᠡᠭᠰᠡᠨ ᠠᠵᠢᠯᠯᠠᠭ᠎ᠠ ᠶᠢ ᠣᠯᠵᠤ ᠮᠠᠲᠠᠪᠠᠯ ᠴᠥᠮ ᠢᠳᠬᠠᠨ ᠬᠤᠷᠢᠭᠯᠠᠬᠤ ᠡᠷᠬᠡ ᠲᠠᠢ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠦᠨ᠎ᠡ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠢᠯᠡᠴᠢᠯᠡᠨ ᠮᠡᠳᠡᠭᠦᠯᠬᠦ ᠤᠲᠠᠰᠤ᠄    ᠭᠦᠶᠡᠩ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ  0472 - 8112295     ᠭᠦᠶᠡᠩ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ  0472 - 2877717     ᠰᠢᠩ ᠱᠦᠨ ᠪᠠᠷᠠᠭᠤᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ  0472 - 8270025     ᠰᠢ ᠳ᠋ᠧᠦ ᠫᠦ᠋ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ  0472 - 8280055 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号