ᠰᠢ ᠳ᠋ᠧᠦ ᠫᠦ᠋ ᠪᠠᠯᠭᠠᠰᠤᠨ ᠤ ᠨᠠᠮ ᠤᠨ ᠡᠭᠦᠷ 3 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠺᠠᠳ᠋ᠷᠴᠤᠳ ᠤᠨ ᠦᠵᠡᠯ ᠰᠠᠨᠠᠭᠠᠨ ᠤ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠺᠠᠳ᠋ᠷᠴᠤᠳ ᠤᠨ ᠦᠵᠡᠯ ᠰᠠᠨᠠᠭᠠᠨ ᠤ ᠶᠠᠷᠢᠯᠴᠠᠬᠤ ᠬᠤᠷᠠᠯ    2025 ᠣᠨ ᠤ 3 ᠰᠠᠷ᠎ᠠ ᠶᠢᠨ 3 ᠤ ᠡᠳᠦᠷ᠂ ᠰᠢ ᠳ᠋ᠧᠦ ᠫᠦ᠋ ᠪᠠᠯᠭᠠᠰᠤ ᠪᠠᠶᠢᠭᠤᠯᠭ᠎ᠠ ᠶᠢᠨ ᠨᠠᠮ ᠤᠨ ᠡᠭᠦᠷ ᠤᠨ 3 ᠰᠠᠷ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠺᠠᠳ᠋ᠷᠴᠤᠳ ᠤᠨ ᠦᠵᠡᠯ ᠰᠠᠨᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢ ᠯᠢᠩ ᠪᠢᠨ ᠡᠷᠭᠢᠯᠡᠵᠦ᠂ ᠪᠠᠯᠭᠠᠰᠤᠨ ᠤ ᠪᠦᠬᠦ ᠺᠠᠳ᠋ᠷ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠤᠰ ᠤᠳᠠᠭᠠᠨ ᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠰᠢᠶᠠᠨ ᠬᠤᠶᠠᠷ ᠱᠠᠲᠤᠨ ᠤ ᠠᠶᠤᠯᠭᠦᠢ ᠦᠢᠯᠡᠳᠪᠦᠷᠢᠯᠡᠯ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠵᠠᠢ᠃    ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ︽ᠦᠯᠢᠭᠡᠷ ᠳᠠᠭᠤᠷᠢᠶᠠᠯ 9︾ ᠹᠢᠯᠢᠮ ᠢ ᠦᠵᠡᠵᠦ᠂ ᠦᠯᠢᠭᠡᠷ ᠳᠠᠭᠤᠷᠢᠶᠠᠯ ᠤᠨ ᠬᠦᠴᠦᠨ ᠢ ᠣᠶᠢᠯᠠᠭᠠᠵᠤ᠂ ᠪᠦᠬᠦ ᠺᠠᠳ᠋ᠷᠴᠤᠳ ᠤᠨ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠢᠳᠡᠪᠬᠢᠲᠡᠢ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠬᠥᠭᠵᠢᠭᠡᠪᠡ᠃ᠳᠠᠷᠠᠭ᠎ᠠ ᠳᠤᠨᠢ᠂ ᠵᠠᠩ ᠳ᠋ᠦᠩ ᠶᠤᠸᠡᠢ᠂ ᠪᠦᠦ ᠬᠤᠤ ᠢᠦᠢ᠂ ᠵᠤᠤ ᠢᠦᠢ ᠫᠢᠩ᠂ ᠥᠯᠵᠡᠢ᠂ ᠯᠢ ᠴᠤᠤ ᠷᠠᠨ᠂ ᠯᠢ ᠵᠢᠢ ᠷᠤ᠋᠂ ᠦ᠋ ᠰᠢᠶᠣᠤ ᠮᠢᠨ᠂ ᠯᠢᠨ ᠵᠢᠶᠦ᠋ᠨ ᠺᠦᠢ ᠨᠡᠷ ᠠᠵᠢᠯ ᠤᠨ ᠬᠤᠪᠢᠶᠠᠷᠢᠯᠠᠯ ᠰᠢᠨ᠎ᠡ ᠠᠵᠢᠯ ᠤᠨ ᠪᠠᠶᠢᠷᠢ ᠳᠤ ᠬᠦᠷᠬᠦ ᠲᠥᠷᠥᠭᠳᠡᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠢᠨ᠎ᠡ ᠠᠵᠢᠯ ᠤᠨ ᠪᠠᠶᠢᠷᠢ ᠶᠢᠨ ᠠᠵᠢᠯ ᠤᠨ ᠣᠶᠢᠯᠠᠭᠠᠯᠲᠠ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠵᠢᠴᠢ ᠢᠷᠡᠭᠡᠳᠦᠢ ᠶᠢᠨ ᠠᠵᠢᠯ ᠤᠨ ᠲᠥᠯᠥᠪᠵᠢᠭᠦᠯᠭᠡ ᠪᠠᠨ ᠬᠤᠪᠢᠶᠠᠯᠴᠠᠵᠤ᠂ ᠰᠢᠨ᠎ᠡ ᠠᠵᠢᠯ ᠤᠨ ᠪᠠᠶᠢᠷᠢ ᠶᠢᠨ ᠬᠦᠰᠡᠯ ᠡᠷᠡᠮᠡᠯᠵᠡᠯ ᠪᠠ ᠠᠵᠢᠯ ᠤᠨ ᠲᠤᠬᠠᠢ ᠬᠠᠯᠠᠭᠤᠨ ᠰᠡᠳᠬᠢᠯᠭᠡ ᠪᠠᠨ ᠢᠯᠡᠳᠬᠡᠪᠡ᠃    ᠵᠠᠩ ᠷᠦᠸᠧ ᠰᠢᠨ ᠪᠠᠯᠭᠠᠰᠤᠨ ᠤ ᠳᠠᠷᠤᠭ᠎ᠠ ᠥᠪᠡᠷ ᠤᠨ ᠲᠤᠷᠰᠢᠯᠭ᠎ᠠ ᠪᠠᠨ ᠦᠨᠳᠦᠰᠦᠯᠡᠨ᠂ ᠵᠠᠯᠠᠭᠤ ᠺᠠᠳ᠋ᠷᠴᠤᠳ ᠲᠠᠢ ᠠᠵᠢᠯ ᠤᠨ ᠣᠶᠢᠯᠠᠭᠠᠯᠲᠠ ᠪᠠᠨ ᠬᠤᠪᠢᠶᠠᠯᠴᠠᠵᠤ᠂ ᠪᠦᠬᠦ ᠺᠠᠳ᠋ᠷᠴᠤᠳ ᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠡᠴᠦᠰ ᠲᠤ᠂ ᠯᠢ ᠯᠢᠩ ᠪᠢᠨ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ ᠲᠡᠷᠡ᠂ ᠺᠠᠳ᠋ᠷ ᠨᠢᠭᠡᠪᠦᠷᠢ ᠴᠥᠮ ᠥᠪᠡᠷ ᠤᠨ ᠳᠦᠷᠢ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠣᠳᠣ ᠶᠢᠨ ᠳᠦᠷᠢ ᠪᠠᠨ ᠰᠠᠶᠢᠲᠤᠷ ᠲᠣᠭᠯᠠᠬᠤ ᠪᠠᠷ ᠪᠠᠷᠠᠬᠤ ᠦᠭᠡᠢ ᠪᠠᠰᠠ ᠥᠪᠡᠷ ᠢ ᠪᠠᠨ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠳᠤ ᠪᠢᠳᠡ ᠵᠣᠷᠢᠭᠲᠠᠢ ᠪᠠᠷ ᠲᠤᠷᠰᠢᠯᠲᠠ ᠬᠢᠵᠦ᠂ ᠵᠣᠷᠢᠭᠲᠠᠢ ᠪᠠᠷ ᠥᠷᠢᠰᠥᠯᠳᠦᠵᠦ᠂ ᠲᠠᠰᠤᠷᠠᠯᠲᠠ ᠦᠭᠡᠢ ᠰᠢᠪᠲᠤᠯᠤᠯᠲᠠ ᠭᠠᠷᠭᠠᠬᠤ ᠴᠢᠬᠤᠯᠠᠲᠠᠢ ᠪᠠᠶᠢᠨ᠎ᠠ᠃ ᠲᠡᠷᠡ ᠪᠦᠬᠦ ᠺᠠᠳ᠋ᠷᠴᠤᠳ ᠢ ᠠᠵᠢᠯ ᠤᠨ ᠳᠤᠮᠳᠠᠬᠢ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠳᠤ ᠵᠣᠷᠢᠭᠲᠠᠢ ᠪᠠᠷ ᠬᠠᠨᠳᠤᠵᠤ᠂ ᠲᠠᠰᠤᠷᠠᠯᠳᠠ ᠦᠭᠡᠢ ᠲᠤᠷᠰᠢᠬᠤ ᠪᠠ ᠴᠢᠷᠮᠠᠶᠢᠬᠤ ᠪᠠᠷ ᠳᠠᠮᠵᠢᠭᠤᠯᠵᠤ᠂ ᠬᠤᠪᠢ ᠬᠥᠮᠦᠨ ᠤ ᠦᠰᠦᠨ ᠪᠤᠶᠢᠵᠢᠯᠲᠠ ᠪᠠ ᠰᠢᠪᠲᠤᠯᠤᠯᠲᠠ ᠶᠢ ᠪᠡᠶᠡᠯᠡᠭᠦᠯᠵᠦ᠂ ᠰᠢ ᠳ᠋ᠧᠦ ᠫᠦ᠋ ᠪᠠᠯᠭᠠᠰᠤᠨ ᠤ ᠪᠦᠬᠦ ᠲᠠᠯ᠎ᠠ ᠶᠢᠨ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃     ᠲᠤᠰ ᠤᠳᠠᠭᠠᠨ ᠤ ᠬᠤᠷᠠᠯ ᠬᠤᠷᠠᠯᠳᠤᠭᠰᠠᠨ ᠨᠢ ᠰᠢ ᠳ᠋ᠧᠦ ᠫᠦ᠋ ᠪᠠᠯᠭᠠᠰᠤᠨ ᠤ ᠬᠥᠭᠵᠢᠯᠲᠡ ᠶᠢᠨ ᠴᠢᠭᠯᠡᠯ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦ ᠺᠠᠳ᠋ᠷᠴᠤᠳ ᠤᠨ ᠠᠵᠢᠯ ᠤᠨ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠬᠥᠭᠵᠢᠭᠡᠵᠦ᠂ ᠰᠢ ᠳ᠋ᠧᠦ ᠫᠦ᠋ ᠪᠠᠯᠭᠠᠰᠤᠨ ᠤ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ 
 
ᠢᠷᠡᠯᠲᠡ᠄ ᠰᠢ ᠳ᠋ᠧᠦ ᠫᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号