2 ᠰᠠᠷ᠎ᠠ ᠶᠢᠨ 28 ᠤ ᠡᠳᠦᠷ ᠭᠦᠶᠡᠩ ᠰᠢᠶᠠᠨ ︽︿ᠰᠦᠯᠵᠢᠶ᠎ᠡ﹀ ᠶᠢ ᠵᠣᠬᠢᠶᠠᠨ ᠪᠠᠶᠢᠭᠤᠯᠵᠤ ᠭᠦᠶᠡᠩ | ᠰᠢᠶᠠᠨ ᠤ 2025 ᠣᠨ ᠤ ᠬᠤᠪᠢ ᠶᠢᠨ ᠵᠠᠭᠤᠴᠢᠯᠠᠭᠤᠷ ᠤᠨ ᠬᠥᠮᠦᠰ ᠤᠨ ᠶᠠᠷᠢᠯᠴᠠᠬᠤ ᠬᠤᠷᠠᠯ︾ ᠢ ᠵᠣᠬᠢᠶᠠᠨ | ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠵᠤᠤ ᠯᠧᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ | ᠭᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠦᠯᠵᠢᠶᠡᠨ ᠤ ᠮᠡᠳᠡᠭᠡ | ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢ ᠵᠠᠰᠠᠬᠤ ᠲᠣᠭᠲᠠᠭᠠᠯ︾᠂ ︽ᠰᠦᠯᠵᠢᠶᠡᠨ ᠤ ᠭᠤᠣᠯ | ᠨᠡᠪᠲᠡᠷᠡᠭᠦᠯᠭᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ︾ ᠢ ᠰᠤᠷᠤᠯᠴᠠᠪᠠ᠃ ︽ᠯᠣᠣ ᠾᠧ ᠤᠴᠢᠷ ᠶᠠᠷᠢᠬᠤ︾ | ᠦᠨᠡᠨ ᠦᠭᠡ ᠶᠠᠷᠢᠬᠤ᠂ ᠭᠦᠸᠧ ᠯᠧᠢ ᠭᠦᠸᠧ ᠯᠧᠢ᠂ ᠶᠠᠩ ᠳ᠋ᠦᠸᠧ ᠳ᠋ᠦᠸᠧ ᠬᠥᠳᠡᠭᠡ ᠲᠣᠰᠬᠤᠨ ᠳᠤ᠂ ᠡᠨᠡᠬᠦ ᠯᠢ | ᠰᠢᠶᠣᠤ ᠮᠣᠤ᠂ ᠪᠤᠭᠤᠲᠤ ᠶᠢᠨ ᠰᠢᠦᠸᠡᠢ ᠹᠧᠩ ᠵᠡᠷᠭᠡ ᠣᠷᠣᠨ ᠨᠤᠲᠤᠭ ᠤᠨ ᠬᠤᠪᠢ ᠶᠢᠨ ᠵᠠᠭᠤᠴᠢᠯᠠᠭᠤᠷ ᠤᠨ 17 | ᠬᠥᠮᠦᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠬᠦᠨ ᠤ ᠠᠭᠤᠯᠭ᠎ᠠ ᠶᠢ ᠵᠣᠬᠢᠶᠠᠨ ᠪᠦᠲᠦᠭᠡᠬᠦ᠂ ᠰᠢᠨ᠎ᠡ | ᠵᠠᠭᠤᠴᠢᠯᠠᠭᠤᠷ ᠤᠨ ᠮᠡᠷᠭᠡᠵᠢᠯ ᠤᠨ ᠬᠡᠷᠡᠭᠯᠡᠯᠲᠡ᠂ ᠬᠠᠮᠲᠤᠷᠠᠯᠴᠠᠭᠠᠨ ᠤ ᠬᠥᠭᠵᠢᠯᠲᠡ ᠵᠡᠷᠭᠡ ᠲᠠᠯ᠎ᠠ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠳᠤ ᠬᠦᠴᠦᠨ ᠨᠡᠮᠡᠷᠢᠯᠡᠵᠡᠢ᠃ | ᠬᠤᠷᠠᠯ ᠠᠴᠠ ᠲᠤᠰ ᠭᠠᠵᠠᠷ ᠣᠷᠣᠨ ᠤ ᠵᠠᠭᠤᠴᠢᠯᠠᠭᠤᠷ ᠤᠨ ᠬᠢᠨ ᠬᠤᠲᠠ ᠶᠢᠨ ᠳᠦᠷᠢ ᠲᠥᠷᠬᠦ ᠶᠢ ᠤᠬᠠᠭᠤᠯᠬᠤ᠂ | ᠣᠨᠴᠠᠯᠢᠭᠲᠤ ᠰᠣᠶᠣᠯ ᠢ ᠳᠡᠯᠭᠡᠷᠡᠭᠦᠯᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠳᠡᠮᠵᠢᠬᠦ ᠵᠡᠷᠭᠡ ᠲᠠᠯ᠎ᠠ ᠪᠠᠷ | ᠦᠵᠡᠭᠦᠯᠦᠭᠰᠡᠨ ᠢᠳᠡᠪᠬᠢ ᠦᠢᠯᠡᠳᠦᠯ ᠢ ᠨᠤᠲᠠᠯᠠᠬᠤ ᠶᠢᠨ ᠬᠠᠮᠲᠤ ᠵᠠᠭᠤᠴᠢᠯᠠᠭᠤᠷ ᠤᠨ ᠬᠥᠮᠦᠰ ᠤᠨ ᠲᠤᠰ ᠪᠡᠶ᠎ᠡ ᠶᠢᠨ | ᠥᠪᠡᠷᠮᠢᠴᠡ ᠳᠠᠪᠠᠭᠤᠯᠢᠭ ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠨᠡᠩ ᠣᠷᠭᠢᠯᠤᠮ᠎ᠠ | ᠬᠠᠯᠠᠭᠤᠨ ᠰᠡᠳᠬᠢᠯᠭᠡ ᠪᠣᠯᠤᠨ ᠰᠢᠨ᠎ᠡ ᠶᠢ ᠡᠭᠦᠳᠬᠦ ᠰᠡᠳᠬᠢᠬᠦᠢ ᠪᠠᠷ ᠭᠠᠵᠠᠷ ᠣᠷᠣᠨ ᠤ ᠪᠦᠬᠦ ᠲᠠᠯ᠎ᠠ ᠶᠢᠨ | ᠬᠥᠭᠵᠢᠯᠲᠡ ᠳᠤ ᠨᠡᠩ ᠣᠯᠠᠨ ᠦᠨ᠎ᠡ ᠥᠷᠲᠡᠭ ᠲᠠᠢ ᠰᠡᠳᠬᠢᠴᠡ ᠪᠣᠯᠤᠨ ᠦᠢᠯᠡ ᠠᠵᠢᠯᠯᠠᠭ᠎ᠠ ᠳᠤ ᠬᠤᠪᠢ ᠨᠡᠮᠡᠷᠢ | ᠦᠵᠡᠭᠦᠯᠬᠦ ᠶᠢ ᠤᠷᠢᠶᠠᠯᠠᠪᠠ᠃ | ᠬᠤᠷᠠᠯ ᠠᠴᠠ᠂ ᠨᠢᠭᠡ ᠳᠤ᠂ ᠣᠯᠠᠨ ᠤ ᠬᠦᠴᠦ ᠪᠠᠨ ᠬᠠᠮᠳᠤᠳᠬᠠᠵᠤ ᠭᠦᠶᠡᠩ ᠢᠶᠠᠨ ᠰᠡᠳᠬᠢᠯ ᠲᠠᠯᠪᠢᠨ | ᠬᠠᠶᠢᠷᠠᠯᠠᠬᠤ ᠬᠡᠷᠡᠭᠲᠡᠢ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠢᠳᠡᠪᠬᠢ ᠬᠦᠴᠦᠨ ᠢ | ᠤᠯᠠᠮᠵᠢᠯᠠᠵᠤ᠂ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠵᠡᠷᠭᠡ ᠲᠠᠯ᠎ᠠ ᠪᠠᠷ ᠲᠤᠰ ᠭᠠᠵᠠᠷ ᠣᠷᠣᠨ ᠤ ᠪᠠᠨ ᠬᠤᠪᠢ ᠶᠢᠨ ᠵᠠᠭᠤᠴᠢᠯᠠᠭᠤᠷ ᠤᠨ ᠬᠥᠮᠦᠰ ᠤᠨ | ᠭᠦᠶᠡᠩ ᠤᠨ ᠲᠤᠬᠠᠢ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠷᠡᠭᠦᠯᠬᠦ ᠬᠡᠷᠡᠭᠲᠡᠢ᠃ ᠬᠤᠶᠠᠷ ᠲᠤ | ᠪᠦᠭᠦᠳᠡᠭᠡᠷ ᠢᠶᠠᠨ ᠪᠦᠯᠬᠦᠮᠳᠡᠬᠦ ᠬᠡᠷᠡᠭᠲᠡᠢ᠃ ᠨᠤᠲᠤᠭ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ | ᠬᠥᠭᠵᠢᠯᠲᠡ ᠶᠢᠨ ᠦᠯᠢᠭᠡᠷ ᠢ ᠰᠠᠶᠢᠲᠤᠷ ᠶᠠᠷᠢᠵᠤ᠂ ᠠᠵᠤ ᠦᠢᠯᠡᠰ ᠤᠨ ᠳᠡᠰ ᠳᠠᠪᠰᠢᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ᠂ ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ ᠶᠢ ᠴᠢᠩᠭᠠᠳᠬᠠᠬᠤ ᠵᠡᠷᠭᠡ ᠲᠠᠯ᠎ᠠ ᠪᠠᠷ | ᠬᠤᠪᠢ ᠶᠢᠨ ᠵᠠᠭᠤᠴᠢᠯᠠᠭᠤᠷ ᠤᠨ ᠬᠢᠨ ᠤ ᠭᠦᠶᠡᠩ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠬᠦ | ᠬᠡᠷᠡᠭᠲᠡᠢ᠃ ᠭᠤᠷᠪᠠ ᠳᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠢᠶᠠᠨ ᠡᠬᠢᠯᠡᠭᠦᠯᠵᠦ᠂ | ᠭᠦᠶᠡᠩ ᠢᠶᠠᠨ ᠬᠦᠴᠦᠯᠡᠨ ᠬᠠᠶᠢᠷᠠᠯᠠᠬᠤ ᠬᠡᠷᠡᠭᠲᠡᠢ᠃ ᠬᠤᠪᠢ ᠶᠢᠨ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠤᠯᠠᠮᠵᠢᠯᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽41°︾ ᠲᠦᠷᠦᠯ ᠲᠡᠮᠳᠡᠭ ᠤᠨ | ᠨᠥᠯᠥᠭᠡᠯᠡᠬᠦ ᠬᠦᠴᠦᠨ ᠢ ᠥᠷᠭᠡᠳᠬᠡᠬᠦ᠂ ᠬᠤᠨᠴᠢᠷ ᠤᠨ ᠨᠢᠭᠡᠳᠦᠭᠡᠷ ᠤᠯᠠᠷᠢᠯ ᠤᠨ ᠰᠠᠶᠢᠨ ᠠᠮᠤ ᠪᠤᠳᠠᠭᠠᠨ ᠤ ᠠᠵᠤ | ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠲᠠᠷᠢᠶᠠᠯᠠᠩ ᠰᠣᠶᠣᠯ ᠵᠤᠭᠠᠴᠠᠯ ᠤᠨ ᠬᠡᠷᠡᠭᠯᠡᠭᠡᠨ ᠤ ᠬᠠᠯᠠᠮᠰᠢᠯ | ᠴᠡᠭ ᠢ ᠠᠭᠤᠳᠠᠯᠬᠤ ᠵᠡᠷᠭᠡ ᠲᠠᠯ᠎ᠠ ᠪᠠᠷ ᠲᠤᠰ ᠭᠠᠵᠠᠷ ᠣᠷᠣᠨ ᠤ ᠪᠠᠨ ᠬᠤᠪᠢ ᠶᠢᠨ ᠵᠠᠭᠤᠴᠢᠯᠠᠭᠤᠷ ᠤᠨ ᠬᠥᠮᠦᠰ ᠤᠨ | ᠭᠦᠶᠡᠩ ᠢ ᠬᠦᠴᠦᠲᠡᠢ ᠳᠡᠮᠵᠢᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | |