︽ᠬᠥᠳᠡᠭᠡ ᠲᠣᠰᠬᠤᠨ ᠢ ᠵᠠᠰᠠᠬᠤ︾ ᠰᠣᠶᠣᠯ ᠢ ᠠᠭᠤᠰᠤᠯᠴᠠᠭᠤᠯᠵᠤ᠂ ᠲᠣᠰᠬᠤᠨ ᠤ ᠣᠷᠣᠨ ᠰᠠᠭᠤᠴᠠ ᠶᠢᠨ | ᠵᠢᠭᠤᠷᠠᠯᠳᠤᠭᠠᠨ ᠢ ᠵᠤᠬᠢᠰᠳᠠᠢ ᠪᠠᠷ ᠵᠣᠬᠢᠴᠠᠭᠤᠯᠤᠨ ᠰᠢᠢᠳᠪᠦᠷᠢᠯᠡᠪᠡ | ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠨᠤᠲᠤᠭ ᠢᠶᠠᠨ ᠵᠠᠰᠠᠬᠤ︾ ᠰᠣᠶᠣᠯ ᠢ ᠰᠢᠨ᠎ᠡ ᠴᠠᠭ | ᠦᠶ᠎ᠡ ᠶᠢᠨ ᠦᠨᠳᠦᠰᠦᠨ ᠱᠠᠲᠤᠨ ᠤ ᠵᠠᠰᠠᠯᠳᠠ ᠣᠷᠣᠭᠤᠯᠤᠨ ᠠᠪᠴᠢᠷᠠᠵᠤ᠂ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠳᠤᠮᠳᠠ ᠣᠷᠣᠭᠤᠯᠤᠨ ᠠᠪᠴᠢᠷᠠᠵᠤ᠂ ᠶᠣᠰᠣ ᠰᠤᠷᠲᠠᠬᠤᠨ ᠢᠶᠠᠷ ᠵᠠᠰᠠᠬᠤ ᠶᠢ ᠳᠣᠪᠤᠶᠢᠯᠭᠠᠨ᠂ | ᠥᠪᠡᠷᠲᠡᠭᠡᠨ ᠵᠠᠰᠠᠬᠤ ᠶᠢ ᠴᠢᠬᠤᠯᠠᠴᠢᠯᠠᠵᠤ᠂ ᠬᠥᠮᠦᠵᠢᠭᠦᠯᠬᠦ ᠠᠵᠢᠯ ᠢᠶᠠᠷ ᠭᠠᠷᠳᠠᠴᠠ ᠪᠣᠯᠭᠠᠵᠤ᠂ ᠠᠷᠠᠳ ᠤᠨ | ᠡᠶᠡᠳᠡᠭᠦᠯᠬᠦ ᠵᠣᠬᠢᠶᠠᠨ ᠪᠠᠶᠢᠭᠤᠯᠤᠯᠲᠠ ᠳᠠᠬᠢ ᠲᠤᠰ ᠭᠠᠵᠠᠷ ᠤᠨ ᠡᠶᠡᠳᠡᠭᠦᠯᠦᠭᠴᠢ᠂ ᠰᠦᠯᠵᠢᠶᠡᠨ ᠤ ᠠᠵᠢᠯᠲᠠᠨ᠂ | ᠠᠬᠠᠮᠠᠳ ᠨᠠᠮ ᠤᠨ ᠭᠡᠰᠢᠭᠦᠨ ᠤ ᠪᠣᠯᠪᠠᠰᠤᠷᠠᠩᠭᠤᠢ ᠪᠣᠯᠤᠭᠰᠠᠨ ᠳᠠᠪᠠᠭᠤᠯᠢᠭ ᠢ ᠪᠠᠳᠠᠷᠠᠭᠤᠯᠤᠨ᠂ ᠲᠠᠷᠢᠶᠠᠨ | ᠭᠠᠵᠠᠷ ᠤᠨ ᠭᠤᠳᠤᠮᠵᠢ ᠳᠤ ᠰᠤᠯᠠ ᠵᠣᠭᠤᠭ ᠳᠡᠯᠭᠡᠵᠦ ᠪᠠᠶᠢᠭ᠎ᠠ ᠦᠶ᠎ᠡ ᠳᠤ᠂ ︽ᠪᠠᠭᠤᠷᠠᠢ ᠳᠣᠬᠢᠶ᠎ᠠ︾ ᠶᠢ ᠴᠠᠭ | ᠲᠤᠬᠠᠢ ᠳᠤᠨᠢ ᠢᠯᠡᠷᠡᠭᠦᠯᠵᠦ᠂ ᠲᠤᠬᠠᠢ ᠶᠢᠨ ᠭᠠᠵᠠᠷ ᠲᠤᠨᠢ ᠡᠶᠡᠳᠡᠭᠦᠯᠦᠨ ᠬᠥᠲᠥᠯᠥᠨ ᠵᠢᠯᠣᠭᠤᠳᠴᠤ᠂ ᠬᠠᠤᠯᠢ | ᠶᠣᠰᠣ ᠮᠣᠷᠠᠯ ᠢ ᠵᠡᠷᠭᠡ ᠪᠠᠷ ᠬᠥᠭᠵᠢᠭᠦᠯᠬᠦ᠂ ᠬᠠᠷᠢᠯᠴᠠᠨ ᠬᠠᠪᠰᠤᠷᠤᠯᠴᠠᠬᠤ᠂ ᠭᠡᠷ ᠤᠨ ᠰᠤᠷᠲᠠᠯ ᠰᠤᠷᠭᠠᠯ ᠵᠡᠷᠭᠡ | ᠰᠣᠶᠣᠯ ᠤᠨ ᠠᠭᠤᠯᠤᠭᠳᠠᠬᠤᠨ ᠢ ᠡᠶᠡᠳᠡᠭᠦᠯᠬᠦ ᠠᠵᠢᠯ ᠤᠨ ᠳᠤᠮᠳᠠ ᠬᠡᠷᠡᠭᠯᠡᠵᠦ᠂ ᠵᠥᠷᠢᠴᠡᠯ ᠵᠢᠭᠤᠷᠠᠯᠳᠤᠭᠠᠨ ᠢ | ᠨᠢᠭᠡᠳᠦᠭᠡᠷ ᠹᠷᠣᠨᠲ ᠲᠤ ᠠᠷᠢᠯᠭᠠᠬᠤ ᠬᠡᠷᠡᠭᠲᠡᠢ᠃ | ᠰᠢᠶᠠ ᠱᠢ ᠬᠤᠤ ᠪᠠᠯᠭᠠᠰᠤᠨ ᠳᠤ ᠲᠣᠰᠬᠤᠨ ᠤ ᠠᠵᠤ ᠠᠬᠤᠶᠢᠯᠠᠯ ᠤᠨ ᠵᠢᠭᠤᠷᠠᠯᠳᠤᠭᠠᠨ ᠨᠡᠯᠢᠶᠡᠳ ᠦᠷᠭᠦᠯᠵᠢ | ᠬᠠᠷᠠᠭᠳᠠᠳᠠᠭ᠃ ᠰᠢᠶᠠ ᠱᠢ ᠬᠤᠤ ᠬᠠᠤᠯᠢ ᠴᠠᠭᠠᠵᠠ ᠶᠢᠨ ᠭᠠᠵᠠᠷ ᠤᠨ ᠬᠢᠨ ᠡᠯ᠎ᠡ ᠲᠣᠰᠬᠤᠨ ᠤ ᠡᠶᠡᠳᠡᠭᠦᠯᠬᠦ ᠵᠥᠪᠯᠡᠯ᠂ | ᠲᠣᠣᠷᠵᠢᠯ ᠤᠨ ᠠᠵᠢᠯᠲᠠᠨ᠂ ᠠᠬᠠᠮᠠᠳ ᠨᠠᠮ ᠤᠨ ᠭᠡᠰᠢᠭᠦᠨ ᠢ ᠭᠦᠢᠴᠡᠳ ᠳᠠᠶᠢᠴᠢᠯᠠᠵᠤ᠂ ︽ᠨᠡᠭᠦᠳᠡᠯ | ᠰᠤᠷᠪᠤᠯᠵᠢᠯᠠᠭ᠎ᠠ ᠬᠢᠵᠦ ᠠᠶᠢᠯ ᠡᠷᠦᠬᠡ ᠪᠠᠷ ᠲᠣᠭᠤᠷᠢᠨ ᠪᠠᠶᠢᠴᠠᠭᠠᠵᠤ ᠣᠨᠣᠰᠢᠯᠠᠬᠤ︾᠂ ᠵᠢᠭᠰᠠᠭᠠᠨ ᠪᠠᠶᠢᠴᠠᠭᠠᠬᠤ | ᠵᠠᠭᠤᠷᠠᠯᠳᠤᠭᠠᠨ ᠤ ︽ᠲᠤᠤᠷ ᠰᠦᠯᠵᠢᠶ᠎ᠡ︾ ᠶᠢ ᠳᠡᠯᠭᠡᠵᠦ᠂ ᠡᠶᠡᠳᠡᠭᠦᠯᠬᠦ ᠦᠢᠯᠡᠴᠢᠯᠡᠭᠡ ᠶᠢ ᠣᠯᠠᠨ ᠲᠦᠮᠡᠨ ᠤ ︽ | ᠭᠡᠷ ᠤᠨ ᠡᠭᠦᠳᠡᠨ︾ ᠳᠤ ᠬᠦᠷᠭᠡᠪᠡ᠃ 2024 ᠣᠨ ᠳᠤ ᠰᠢᠶᠠ ᠱᠢ ᠬᠤᠤ ᠬᠠᠤᠯᠢ ᠴᠠᠭᠠᠵᠠ ᠶᠢᠨ ᠭᠠᠵᠠᠷ ᠠᠵᠤ | ᠠᠬᠤᠶᠢᠯᠠᠯ ᠳᠤ ᠬᠤᠯᠪᠣᠭᠳᠠᠭᠰᠠᠨ 39 ᠵᠢᠭᠤᠷᠠᠯᠳᠤᠭᠠᠨ ᠢ ᠡᠶᠡᠳᠡᠭᠦᠯᠪᠡ᠃ ︽ᠡᠶᠡᠳᠡᠭᠦᠯᠭᠡ ᠶᠢ ᠲᠦᠷᠭᠡᠨ | ᠤᠶᠠᠯᠳᠤᠭᠤᠯᠵᠤ᠂ ᠬᠠᠲᠠᠭᠤ ᠵᠥᠭᠡᠯᠡᠨ ᠠᠷᠭ᠎ᠠ ᠶᠢ ᠵᠡᠷᠭᠡ ᠪᠠᠷ ᠬᠡᠷᠡᠭᠯᠡᠬᠦ ᠬᠡᠷᠡᠭᠲᠡᠢ᠃ ᠬᠤᠷᠳᠤᠨ ᠳᠤ ᠪᠠᠨ | ᠵᠢᠭᠤᠷᠠᠯᠳᠤᠭᠠᠨ ᠢ ᠲᠡᠷᠡ ᠳᠠᠷᠤᠢ ᠳᠤᠨᠢ ᠢᠯᠡᠷᠡᠭᠦᠯᠬᠦ ᠶᠢᠨ ᠬᠠᠮᠲᠤ ᠨᠠᠮᠳᠠᠭᠤᠯᠵᠤ᠂ ᠤᠳᠠᠭᠠᠨ ᠪᠣᠯ ᠰᠡᠳᠬᠢᠯ ᠲᠠᠯᠪᠢᠨ | ᠰᠣᠨᠣᠰᠴᠤ᠂ ᠬᠦᠯᠢᠴᠡᠩᠭᠦᠢ ᠪᠠᠷ ᠶᠣᠰᠣ ᠶᠠᠷᠢᠵᠤ᠂ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠬᠦ ᠶᠢ | ᠪᠠᠷᠢᠮᠲᠠᠯᠠᠵᠤ᠂ ᠬᠠᠮᠲᠤ ᠶᠢᠨ ᠰᠡᠳᠬᠢᠯᠭᠡ ᠶᠢ ᠬᠥᠲᠥᠯᠥᠨ ᠵᠢᠯᠣᠭᠤᠳᠴᠤ᠂ ᠬᠠᠷᠢᠯᠴᠠᠨ ᠬᠠᠪᠰᠤᠷᠤᠯᠴᠠᠶ᠎ᠠ︾ ᠭᠡᠵᠦ | ᠬᠡᠯᠡᠪᠡ᠃ | ᠡᠶᠡᠳᠡᠭᠦᠯᠦᠭᠡ ᠶᠢᠨ ︽ᠵᠢᠵᠢᠭ ᠬᠡᠰᠡᠭ︾ ᠢ ᠴᠢᠳᠠᠮᠠᠭᠠᠢ ᠬᠡᠷᠡᠭᠯᠡᠵᠦ᠂ ᠬᠤᠳᠠᠯᠳᠤᠭ᠎ᠠ ᠡᠷᠬᠢᠯᠡᠬᠦ ︽ᠶᠡᠭᠡ | ᠣᠷᠴᠢᠨ ᠲᠣᠭᠤᠷᠢᠨ︾ ᠢ ᠰᠢᠯᠢᠳᠡᠭᠵᠢᠭᠦᠯᠦᠨ᠎ᠡ | ᠭᠦᠶᠡᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ | ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠠᠮᠤᠭ ᠤᠨ ᠰᠢᠯᠢᠳᠡᠭ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠪᠣᠢ ᠪᠣᠯᠭᠠᠪᠠ᠃ ᠨᠢᠭᠡ ᠳᠤ᠂ ᠠᠵᠤ ᠠᠬᠤᠶᠢᠯᠠᠯ ᠳᠤ | ᠬᠤᠯᠪᠣᠭᠳᠠᠭᠰᠠᠨ 95 ᠵᠢᠭᠤᠷᠠᠯᠳᠤᠭᠠᠨ ᠢ ᠨᠠᠷᠢᠯᠢᠭ ᠣᠨᠣᠴᠠᠲᠠᠢ ᠪᠠᠷ ᠪᠠᠶᠢᠴᠠᠭᠠᠨ ᠣᠶᠢᠯᠠᠭᠠᠵᠤ᠂ ᠪᠥᠬᠦ ᠰᠢᠶᠠᠨ ᠤ | 95 ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠤᠨ᠂ ᠬᠠᠮᠢᠶ᠎ᠠ | ᠪᠦᠬᠦᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠤᠨ ᠠᠵᠢᠯᠲᠠᠨ᠂ | ᠬᠤᠳᠠᠯᠳᠤᠭᠠᠴᠢᠳ ᠤᠨ ᠨᠡᠶᠢᠭᠡᠮᠯᠢᠭ ᠤᠨ ᠪᠦᠷᠢᠯᠳᠦᠬᠦᠨ ᠵᠡᠷᠭᠡ ᠶᠢ ᠣᠷᠣᠭᠤᠯᠤᠨ ᠡᠶᠡᠳᠡᠭᠦᠯᠬᠦ ᠡᠩᠨᠡᠭᠡ ᠳᠤ | ᠣᠷᠣᠭᠤᠯᠵᠤ᠂ ᠵᠢᠭᠰᠠᠭᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠵᠦ᠂ ᠵᠢᠭᠤᠷᠠᠯᠳᠤᠭᠠᠨ ᠪᠦᠬᠦᠨ ᠢ ᠰᠢᠢᠳᠪᠦᠷᠢᠯᠡᠨ᠎ᠡ᠃ | ᠬᠤᠶᠠᠷ ᠲᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ ᠥᠨᠳᠥᠷ ᠪᠦᠲᠦᠮᠵᠢᠲᠡᠢ ᠪᠠᠷ ᠠᠷᠢᠯᠭᠠᠵᠤ᠂ | ᠵᠢᠭᠰᠠᠭᠠᠨ ᠪᠠᠶᠢᠴᠠᠭᠠᠵᠤ ᠭᠠᠷᠭᠠᠭᠰᠠᠨ ᠭᠡᠷ᠎ᠡ ᠶᠢᠨ ᠵᠢᠭᠤᠷᠠᠯᠳᠤᠭᠠᠨ᠂ ᠦᠢᠯᠡᠳᠪᠦᠷᠢᠯᠡᠯ ᠡᠵᠡᠩᠨᠡᠯᠲᠡ ᠶᠢᠨ | ᠵᠢᠭᠤᠷᠠᠯᠳᠤᠭᠠᠨ᠂ ᠬᠥᠳᠡᠯᠮᠦᠷᠢ ᠶᠢᠨ ᠮᠠᠷᠭᠤᠯᠳᠤᠭᠠᠨ ᠵᠡᠷᠭᠡ ᠠᠵᠤ ᠠᠬᠤᠶᠢᠯᠠᠯ ᠳᠤ ᠬᠤᠯᠪᠣᠭᠳᠠᠭᠰᠠᠨ | ᠵᠢᠭᠤᠷᠠᠯᠳᠤᠭᠠᠨ ᠤ ᠲᠥᠷᠥᠯ ᠵᠦᠢᠯ ᠢ ᠡᠩ ᠲᠡᠷᠢᠭᠦᠨ ᠳᠤ ᠴᠠᠭ ᠲᠤᠬᠠᠢ ᠳᠤᠨᠢ ᠡᠶᠡᠳᠡᠭᠦᠯᠦᠨ ᠰᠢᠢᠳᠪᠦᠷᠢᠯᠡᠨ᠎ᠡ︔ | ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠢᠭᠤᠷᠠᠯᠳᠤᠭᠠᠨ ᠢ ᠡᠶᠡᠳᠡᠭᠦᠯᠬᠦ ᠬᠦᠴᠦᠨ ᠢ ᠰᠢᠯᠢᠳᠡᠭ ᠢ ᠨᠢ ᠰᠣᠩᠭᠤᠵᠤ᠂ | ︽ᠡᠭᠦᠳᠡ ᠪᠠᠨ ᠬᠠᠭᠠᠬᠤ ᠦᠭᠡᠢ︾ ᠡᠶᠡᠳᠡᠭᠦᠯᠬᠦ ᠦᠢᠯᠡᠴᠢᠯᠡᠭᠡ ᠬᠠᠩᠭᠠᠵᠤ᠂ ᠡᠶᠡᠳᠡᠭᠦᠯᠦᠭᠡᠳ ᠬᠤᠷᠳᠤᠴᠠ ᠪᠠᠨ | ᠲᠦᠷᠭᠡᠳᠬᠡᠨ᠎ᠡ᠃ 2024 ᠣᠨ ᠳᠤ᠂ ᠠᠵᠤ ᠠᠬᠤᠶᠢᠯᠠᠯ ᠳᠤ ᠬᠤᠯᠪᠣᠭᠳᠠᠭᠰᠠᠨ ᠨᠡᠶᠢᠲᠡ 35 ᠵᠥᠷᠢᠴᠡᠯ | ᠵᠢᠭᠤᠷᠠᠯᠳᠤᠭᠠᠨ ᠢ ᠠᠷᠢᠯᠭᠠᠪᠠ᠃ | ᠬᠤᠯᠪᠣᠭᠠᠯᠠᠨ ᠬᠥᠳᠡᠯᠦᠯᠴᠡᠬᠦ ᠰᠠᠯᠠᠭ᠎ᠠ ᠮᠥᠴᠢᠷ ᠠᠴᠠ ᠬᠦᠴᠦᠯᠡᠵᠦ᠂ ︽1+ 4 + N︾ ᠰᠢᠰᠲ᠋ᠧᠮ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ | ᠭᠦᠶᠡᠩ ᠰᠢᠶᠠᠨ ︽1︾ ᠶᠢ ᠬᠤᠯᠪᠣᠭᠠᠯᠠᠨ ᠡᠶᠡᠳᠡᠭᠦᠯᠬᠦ ᠲᠣᠭᠲᠠᠴᠠ ᠶᠢ ᠭᠦᠨᠵᠡᠭᠡᠢ ᠲᠦᠯᠬᠢᠨ ᠠᠬᠢᠭᠤᠯᠵᠤ᠂ | ᠡᠭᠦᠨ ᠳᠤ ︽1︾᠂ ᠲᠤᠬᠠᠶᠢᠯᠠᠪᠠᠯ ︽ᠭᠦᠶᠡᠩ ᠰᠢᠶᠠᠨ ᠤ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠲᠥᠪ︾᠂ ︽4︾᠂ ᠲᠤᠬᠠᠶᠢᠯᠠᠪᠠᠯ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠬᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ︽N︾ ᠭᠡᠳᠡᠭ ᠨᠢ ᠳᠠᠷᠤᠢ ᠡᠯ᠎ᠡ ᠱᠠᠲᠤᠨ ᠤ ᠠᠷᠠᠳ ᠤᠨ | ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠪᠣᠯᠤᠨ᠎ᠠ᠃ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ ᠪᠠ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ᠂ | ᠮᠡᠳᠡᠭᠡ ᠵᠠᠩᠭᠢ ᠶᠢᠨ ᠡᠬᠢ ᠪᠠᠶᠠᠯᠢᠭ᠂ ᠮᠡᠷᠭᠡᠵᠢᠯ ᠤᠨ ᠡᠬᠢ ᠪᠠᠶᠠᠯᠢᠭ ᠢ ᠬᠠᠮᠲᠤᠪᠠᠷ ᠬᠦᠷᠲᠡᠬᠦ ᠪᠠ ᠡᠭᠦᠷᠭᠡ | ᠴᠢᠳᠠᠪᠤᠷᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ︽1 + 4 + N︾ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢᠨ ᠨᠡᠶᠢᠯᠡᠮᠡᠯ ᠬᠦᠴᠦᠨ ᠪᠣᠯᠭᠠᠨ ᠬᠤᠪᠢᠷᠠᠭᠤᠯᠵᠤ᠂ ᠡᠶᠡᠳᠡᠭᠦᠯᠬᠦ ᠠᠵᠢᠯ ᠤᠨ ᠨᠡᠶᠢᠯᠡᠮᠡᠯ | ᠬᠦᠴᠦᠨ ᠢ ᠲᠠᠰᠤᠷᠠᠯᠲᠠ ᠥᠬᠡᠶ ᠴᠢᠩᠭᠠᠳᠬᠠᠨ᠂ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠢ ᠪᠠᠷ | ᠰᠢᠢᠳᠪᠦᠷᠢᠯᠡᠬᠦ ᠶᠢ ᠠᠬᠢᠭᠤᠯᠤᠨ᠎ᠠ᠃ 2024 ᠣᠨ ᠳᠤ᠂ ︽1 + 4 + N︾ ᠬᠤᠯᠪᠣᠭᠠᠯᠠᠨ ᠬᠥᠳᠡᠯᠦᠯᠴᠡᠬᠦ | ᠲᠣᠭᠲᠠᠴᠠ ᠳᠤ ᠲᠦᠰᠢᠭᠯᠡᠨ 30 ᠭᠠᠷᠤᠢ ᠵᠥᠷᠢᠴᠡᠯ ᠵᠢᠭᠤᠷᠠᠯᠳᠤᠭᠠᠨ ᠢ ᠠᠷᠢᠯᠭᠠᠪᠠ᠃ | ᠭᠦᠶᠡᠩ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠶᠡᠳᠡᠭᠦᠯᠬᠦ ᠡᠩᠨᠡᠭᠡ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠡᠶᠡᠳᠡᠭᠦᠯᠬᠦ ᠠᠵᠢᠯ ᠤᠨ ᠲᠣᠭᠲᠠᠴᠠ ᠪᠠ ᠠᠷᠭ᠎ᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠡᠶᠡᠳᠡᠭᠦᠯᠬᠦ ᠬᠦᠷᠢᠶ᠎ᠡ ᠴᠠᠷᠠᠭ᠎ᠠ ᠶᠢ ᠥᠷᠭᠡᠳᠬᠡᠵᠦ᠂ ᠵᠥᠷᠢᠴᠡᠯ ᠵᠢᠭᠤᠷᠠᠯᠳᠤᠭᠠᠨ ᠢ ᠡᠬᠢ | ᠡᠭᠦᠰᠦᠯ ᠠᠴᠠ ᠨᠢ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠦᠨᠳᠦᠰᠦᠨ | ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ | ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |