2 ᠰᠠᠷ᠎ᠠ ᠶᠢᠨ 28 ᠤ ᠡᠳᠦᠷ᠂ ︽ᠬᠤᠶᠠᠳᠤᠭᠠᠷ ᠰᠠᠷ᠎ᠠ ᠶᠢᠨ ᠬᠤᠶᠠᠷᠠᠨ ᠳᠤ᠂ ᠶᠢᠨ ᠱᠠᠨ ᠠᠭᠤᠯᠠᠨ ᠤ | ᠵᠤᠭᠠᠴᠠᠯ ᠤᠨ ᠭᠠᠵᠠᠷ ᠴᠤᠭᠯᠠᠷᠠᠵᠤ︾ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ ᠶᠢ ᠭᠦᠶᠡᠩ ᠰᠢᠶᠠᠨ ᠤ ᠸᠠᠨ | ᠾᠧ ᠳ᠋ᠢᠶᠠᠨ ᠲᠣᠰᠬᠤᠨ ᠤ ᠨᠠᠮ ᠤᠨ ᠬᠤᠷᠢᠶ᠎ᠡ ᠶᠢᠨ ᠴᠧ ᠫᠦ᠋ ᠴᠢᠦᠢ ᠲᠣᠰᠬᠤᠨ ᠳᠤ ᠠᠮᠵᠢᠯᠲᠠ ᠲᠠᠢ ᠡᠷᠬᠢᠯᠡᠪᠡ᠃ | ᠠᠵᠢᠯᠯᠠᠭ᠎ᠠ ᠨᠢ ︽ᠯᠤᠤ ᠶᠢᠨ ᠲᠤᠯᠤᠭᠠᠢ ᠦᠨᠳᠡᠶᠢᠬᠦ︾ ᠪᠠᠶᠠᠷ ᠳᠤᠷᠠᠰᠬᠠᠯ ᠢᠶᠠᠷ ᠭᠤᠣᠯ ᠪᠣᠯᠭᠠᠵᠤ᠂ ᠠᠷᠠᠳ ᠤᠨ | ᠵᠠᠩ ᠦᠢᠯᠡ ᠶᠢᠨ ᠦᠵᠡᠭᠦᠯᠦᠯᠭᠡ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠣᠶᠢᠯᠠᠭᠠᠯᠲᠠ ᠪᠠᠷ | ᠳᠠᠮᠵᠢᠭᠤᠯᠤᠨ᠂ ᠵᠤᠭᠠᠴᠠᠭᠰᠠᠳ ᠢ ᠳᠠᠭᠠᠭᠤᠯᠤᠨ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠠᠭᠤᠯᠬᠤᠨ ᠢ | ᠣᠶᠢᠯᠠᠭᠠᠭᠤᠯᠪᠠ᠃ | ᠣᠷᠣᠢ ᠶᠢᠨ 19 ᠴᠠᠭ ᠲᠤ᠂ ᠬᠡᠩᠭᠡᠷᠭᠡ ᠶᠢᠨ ᠳᠠᠭᠤᠨ ᠬᠠᠩᠭᠢᠨᠠᠵᠤ ᠬᠥᠳᠡᠯᠭᠡᠭᠡᠨ ᠤ ᠬᠥᠰᠢᠭᠡ ᠶᠢ ᠰᠡᠬᠦᠪᠡ᠃ | ᠶᠠᠩᠭᠠᠷ ᠪᠦᠵᠢᠭ ᠤᠨ ᠲᠤᠭᠯᠠᠯᠳᠠ᠂ ᠤᠯᠠᠨ ᠵᠦᠢᠯ ᠤᠨ ᠤᠳᠬ᠎ᠠ ᠤᠷᠠᠯᠢᠭ ᠤᠨ ᠬᠦᠳᠡᠯᠭᠡᠭᠡᠨ ᠶᠠᠪᠤᠭᠳᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽ᠶᠢᠰᠦᠨ ᠠᠶ᠎ᠠ︾ ᠶᠢ ᠪᠠᠰᠠ ︽ᠵᠢᠦ ᠴᠢᠦᠢ ᠬᠠᠲᠤᠨ ᠭᠤᠣᠯ ᠤᠨ | ᠵᠢᠭᠰᠠᠭᠠᠯ︾ ᠭᠡᠳᠡᠭ᠂ ᠡᠷᠲᠡᠨ ᠤ ᠴᠡᠷᠢᠭ ᠤᠨ ᠶᠠᠪᠤᠳᠠᠯ ᠤᠨ ᠵᠢᠭᠰᠠᠭᠠᠯ ᠪᠣᠯᠤᠨ ᠠᠷᠠᠳ ᠤᠨ ᠳᠤᠮᠳᠠᠬᠢ | ᠲᠠᠭᠠᠳᠬᠠᠯ ᠤᠨ ᠤᠯᠠᠮᠵᠢᠯᠠᠯ ᠠᠴᠠ ᠡᠭᠦᠰᠦᠯ ᠲᠠᠢ᠃ ᠤᠯᠠᠮᠵᠢᠯᠠᠯ ᠶᠠᠷᠢᠶᠠᠨ ᠳᠤ ᠮᠤᠷᠤᠢ ᠰᠠᠷᠤᠢ ᠳ᠋ᠧᠩ ᠤᠨ | ᠵᠢᠭᠰᠠᠭᠠᠯ ᠨᠢ ᠬᠥᠮᠦᠨ ᠤ ᠠᠮᠢᠳᠤᠷᠠᠯ ᠤᠨ ᠵᠠᠮ ᠳᠠᠭᠠᠤ ᠬᠦᠴᠢᠷ ᠪᠡᠷᠬᠡᠰᠢᠶᠡᠯ ᠢ ᠪᠡᠯᠭᠡᠳᠡᠵᠦ᠂ ᠣᠷᠣᠯᠴᠠᠭᠰᠠᠳ | ᠳ᠋ᠧᠩ ᠤᠨ ᠵᠢᠭᠰᠠᠭᠠᠯ ᠢᠶᠠᠷ ᠮᠤᠷᠦ᠋ᠢᠨ ᠶᠠᠪᠤᠵᠤ᠂ ᠲᠦᠢᠳᠬᠡᠷ ᠬᠠᠷᠰᠢ ᠰᠠᠭᠠᠳ ᠢ ᠠᠷᠢᠯᠭᠠᠨ᠂ ᠵᠢᠷᠭᠠᠯ ᠵᠣᠪᠠᠯᠠᠩ ᠢ | ᠤᠭᠲᠤᠳᠠᠭ᠃ ᠶᠢᠰᠦᠨ ᠠᠶ᠎ᠠ ᠬᠢᠭᠡᠳ ︽ᠯᠣᠣ ᠶᠢᠨ ᠲᠣᠯᠣᠭᠠᠢ ᠶᠢ ᠥᠨᠳᠡᠶᠢᠬᠦ︾ ᠪᠠᠶᠠᠷ ᠢ ᠠᠭᠤᠰᠤᠯᠴᠠᠭᠰᠠᠨ ᠤ | ᠳᠠᠷᠠᠭ᠎ᠠ᠂ ᠨᠡᠩ ᠴᠤ ᠠᠷᠠᠳ ᠣᠯᠠᠨ ᠤ ᠪᠣᠷᠣᠭᠠᠨ ᠬᠤᠷ᠎ᠠ ᠲᠡᠭᠰᠢ᠂ ᠲᠠᠪᠤᠨ ᠲᠠᠷᠢᠶ᠎ᠠ ᠡᠯᠪᠡᠭ ᠬᠤᠷᠢᠶᠠᠯᠲᠠ ᠣᠯᠬᠤ | ᠰᠠᠶᠢᠨ ᠰᠠᠶᠢᠬᠠᠨ ᠬᠦᠰᠡᠯ ᠡᠷᠡᠮᠡᠯᠵᠡᠯ ᠢ ᠬᠦᠰᠡᠨ ᠵᠥᠩᠨᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠤᠭᠠᠴᠠᠭᠰᠠᠳ ᠲᠤᠰᠬᠠᠶᠢᠯᠠᠨ ᠳ᠋ᠧᠩᠯᠦ ᠪᠠᠷᠢᠵᠤ᠂ ᠳ᠋ᠧᠩᠯᠦ | ᠲᠠᠲᠠᠭᠴᠢ ᠶᠢᠨ ᠳᠠᠭᠠᠭᠤᠯᠭ᠎ᠠ ᠳᠣᠣᠷ᠎ᠠ ᠳ᠋ᠧᠩ ᠤᠨ ᠵᠢᠭᠰᠠᠭᠠᠯ ᠢᠶᠠᠷ ᠭᠠᠷᠴᠤ᠂ ᠵᠠᠮ ᠳᠠᠭᠠᠤ ᠵᠣᠯ ᠵᠢᠷᠭᠠᠯᠲᠤ | ᠬᠡᠩᠭᠡᠷᠭᠡ ᠶᠢ ᠲᠡᠯᠡᠳᠴᠦ᠂ ᠡᠷᠲᠡᠨ ᠤ ᠶᠣᠰᠣᠯᠠᠯ ᠤᠨ ᠲᠥᠪ ᠶᠡᠬᠡᠮᠰᠦᠭ ᠢ ᠣᠶᠢᠯᠠᠭᠠᠪᠠ᠃ ᠬᠥᠳᠡᠯᠭᠡᠭᠡᠨ ᠤ | ᠲᠡᠭᠦᠰᠬᠡᠯ ᠳᠤ᠂ ᠮᠢᠩᠭᠠᠨ ᠳ᠋ᠧᠩ ᠨᠢ ᠰᠥᠨᠢ ᠶᠢᠨ ᠬᠥᠰᠢᠭᠡᠨ ᠳᠤᠮᠳᠠ ᠭᠢᠯᠠᠯᠵᠠᠵᠤ᠂ ᠣᠳᠣᠨ ᠭᠠᠯ ᠤᠨ ᠴᠡᠭ ᠨᠢ | ᠰᠥᠨᠢ ᠶᠢᠨ ᠣᠭᠲᠠᠷᠭᠤᠢ ᠶᠢ ᠭᠡᠶᠢᠭᠦᠯᠵᠦ᠂ ᠪᠤᠶᠠᠨ ᠤ ᠠᠶᠠᠨ ᠤ ᠵᠢᠷᠤᠭ ᠲᠠᠬᠢ ᠰᠢᠯᠦᠭ ᠤᠨ ᠤᠳᠬ᠎ᠠ ᠲᠠᠢ | ᠥᠭᠦᠯᠡᠪᠦᠷᠢ ᠪᠣᠯᠤᠨ᠎ᠠ᠃ | ᠲᠤᠰ ᠤᠳᠠᠭᠠᠨ ᠤ ᠠᠵᠢᠯᠯᠠᠭ᠎ᠠ ᠨᠢ ᠤᠯᠠᠮᠵᠢᠯᠠᠯᠲᠤ ᠳᠦᠷᠢᠮ ᠢ ᠴᠢᠩᠭ᠎ᠠ ᠰᠡᠷᠭᠦᠭᠡᠵᠦ᠂ ᠵᠢᠭᠰᠠᠭᠠᠯ ᠤᠨ | ᠪᠠᠶᠢᠷᠢ ᠠᠴᠠ ᠶᠣᠰᠣᠯᠠᠯ ᠤᠨ ᠴᠤᠪᠤᠷᠠᠯ ᠳᠤ ᠬᠦᠷᠲᠡᠯ᠎ᠡ ᠴᠥᠮ ᠣᠷᠣᠨ ᠨᠤᠲᠤᠭ ᠤᠨ ᠣᠶᠢᠯᠠᠯᠭ᠎ᠠ ᠶᠢᠨ ᠲᠡᠮᠳᠡᠭᠯᠡᠯ ᠢ | ᠦᠨᠳᠦᠰᠦᠯᠡᠵᠦ᠂ ᠪᠠᠶᠢᠭᠠᠯᠢᠯᠢᠭ ᠠᠮᠢ ᠠᠬᠤᠢ ᠶᠢᠨ ᠠᠷᠠᠳ ᠤᠨ ᠵᠠᠩ ᠦᠢᠯᠡ ᠶᠢᠨ ᠳᠦᠷᠰᠦ ᠪᠠᠶᠢᠳᠠᠯ ᠢ | ᠢᠯᠡᠷᠡᠭᠦᠯᠬᠦ ᠪᠠᠷ ᠴᠢᠷᠮᠠᠶᠢᠪᠠ᠃ ᠢᠷᠡᠭᠡᠳᠦᠢ ᠳᠤ ︽ᠶᠢᠰᠦᠨ ᠠᠶ᠎ᠠ ᠬᠤᠪᠢᠷᠠᠬᠤ︾ ᠵᠡᠷᠭᠡ ᠪᠣᠳᠠᠰ ᠤᠨ ᠪᠤᠰᠤ | ᠰᠣᠶᠣᠯ ᠤᠨ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠤᠯᠠᠮᠵᠢᠯᠠᠯᠲᠤ ᠪᠠᠶᠠᠷ ᠳᠤᠷᠠᠰᠬᠠᠯ ᠤᠨ | ᠡᠳᠦᠷ ᠢᠶᠠᠷ ᠬᠤᠯᠪᠣᠭᠠᠰᠤ ᠪᠣᠯᠭᠠᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠨ᠎ᠡ᠃ | |