ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ 2025 ᠣᠨ ᠤ 3 ᠰᠠᠷ᠎ᠠ ᠶᠢᠨ ᠡᠭᠦᠷᠭᠡ ᠶᠢᠨ ᠨᠠᠷᠢᠨ ᠳᠠᠩᠰᠠ
ᠨᠡᠶᠢᠲᠡᠯᠡᠭᠰᠡᠨ ᠴᠠᠭ᠄
2025/3/6
    1. ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯᠦᠶ᠎ᠡ᠃ ᠭᠦᠶᠡᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠡᠯ᠎ᠡ ᠪᠣᠯᠪᠠᠰᠤᠨ ᠤ ᠦᠢᠯᠡᠳᠦᠯᠭᠡ ᠶᠢᠨ ᠡᠩᠨᠡᠭᠡ ᠶᠢ ᠵᠣᠬᠢᠶᠠᠨ ᠪᠠᠶᠢᠭᠤᠯᠵᠤ ︽ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ︾ ᠶᠢᠨ ᠯᠧᠢ ᠹᠧᠩ ᠤᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠥᠷᠨᠢᠭᠦᠯᠬᠦ ᠶᠢᠨ ᠬᠠᠮᠲᠤ ᠡᠯ᠎ᠡ ᠡᠩᠨᠡᠭᠡ ᠶᠢᠨ ᠬᠢᠨ ᠬᠠᠤᠯᠢ ᠴᠠᠭᠠᠵᠠ ᠶᠢᠨ ᠤᠬᠠᠭᠤᠯᠭ᠎ᠠ᠂ ᠡᠮᠴᠢᠯᠡᠭᠡ ᠡᠷᠡᠭᠦᠯ ᠮᠡᠨᠳᠦ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠶᠢᠨ ᠲᠣᠭᠤᠷᠢᠨ ᠳᠤ ᠯᠧᠢ ᠹᠧᠩ ᠠᠴᠠ ᠰᠤᠷᠤᠯᠴᠠᠬᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠪᠥᠬᠦ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠳᠦᠷᠢᠮᠵᠢᠯᠲᠡ᠂ ᠪᠠᠶᠢᠩᠭᠤᠵᠢᠯᠲᠠ ᠶᠢ ᠬᠠᠮᠲᠤᠪᠠᠷ ᠠᠬᠢᠭᠤᠯᠪᠠ᠃    2. ᠴᠠᠯᠢᠩ ᠦᠷᠢᠳᠦᠬᠦ ᠶᠢ ᠰᠡᠷᠭᠡᠶᠢᠯᠡᠵᠦ ᠲᠣᠭᠲᠠᠭᠤᠨ ᠢ ᠬᠠᠮᠠᠭᠠᠯᠠᠬᠤ ᠠᠵᠢᠯ᠃ ᠭᠦᠶᠡᠩ ᠰᠢᠶᠠᠨ ᠤ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠠᠵᠢᠯ ᠢ ᠰᠠᠶᠢᠲᠤᠷ ᠬᠢᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠪᠦᠯᠦᠭᠯᠡᠯ ᠤᠨ ᠴᠢᠨᠠᠷᠲᠠᠢ᠂ ᠬᠡᠲᠦᠷᠡᠮᠡᠬᠡᠢ ᠬᠡᠷᠡᠭ ᠵᠢᠴᠢ ᠬᠦᠨᠳᠦ ᠶᠡᠭᠡ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠨ᠎ᠠ᠃   3. ︽ᠰᠠᠨᠠᠭᠠᠴᠢᠯᠠᠭ᠎ᠠ ᠠᠴᠠ ᠪᠠᠨ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ︾ ᠶᠢ ᠣᠷᠣᠯᠠᠨ ᠭᠦᠢᠴᠡᠳᠬᠡᠪᠡ᠃ ᠭᠦᠶᠡᠩ ᠰᠢᠶᠠᠨ ᠤ ᠭᠠᠳᠠᠭᠰᠢ ᠭᠠᠷᠤᠭᠰᠠᠳ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠴᠢᠭᠤᠯᠵᠤ᠂ ᠭᠡᠷ ᠲᠤᠨᠢ ᠣᠴᠢᠭᠤᠯᠤᠭᠰᠠᠨ ᠨᠠᠰᠤᠲᠠᠨ᠂ ᠵᠡᠮᠳᠡᠭᠴᠦᠳ ᠤᠨ ᠠᠷᠢᠭᠤᠨ ᠴᠡᠪᠡᠷ ᠢ ᠴᠡᠪᠡᠷᠯᠡᠵᠦ᠂ ᠤᠰᠤ ᠴᠠᠬᠢᠯᠭᠠᠨ ᠤ ᠰᠦᠢᠳᠬᠡᠯ ᠢ ᠣᠷᠣᠯᠠᠨ ᠲᠤᠰᠢᠶᠠᠵᠤ᠂ ᠠᠮᠢᠳᠤᠷᠠᠯ ᠤᠨ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠪᠡ᠃   4. ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠤᠬᠠᠭᠤᠯᠭ᠎ᠠ ᠶᠢᠨ ᠠᠵᠢᠯᠯᠠᠭ᠎ᠠ᠃ ᠭᠦᠶᠡᠩ ᠰᠢᠶᠠᠨ ᠤ ᠠᠮᠤᠷ ᠲᠠᠶᠢᠪᠤᠩ ᠬᠠᠤᠯᠢ ᠳᠦᠷᠢᠮ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠣᠴᠢᠭᠤᠯᠤᠨ ᠤᠬᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠤᠨ᠎ᠠ᠃   5. ︽3.8︾ ᠡᠮᠡᠭᠲᠡᠶᠢᠴᠦᠳ ᠤᠨ ᠪᠠᠶᠠᠷ ᠤᠨ ᠵᠢᠷᠤᠮ ᠤᠨ ᠡᠮᠴᠢᠯᠡᠭᠡᠨ ᠤ ᠠᠵᠢᠯᠯᠠᠭ᠎ᠠ᠃ ᠭᠦᠶᠡᠩ ᠰᠢᠶᠠᠨ ᠤ ᠡᠮᠡᠭᠲᠡᠶᠢᠴᠦᠳ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠢᠶᠠᠨ ᠤ ᠡᠮᠨᠡᠯᠭᠡ ᠶᠢᠨ ᠬᠤᠷᠢᠶ᠎ᠡ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠲᠠᠢ ᠬᠠᠮᠲᠤᠷᠠᠨ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠪᠠ ᠡᠮᠡᠭᠲᠡᠢ ᠠᠵᠢᠯᠲᠠᠨ ᠺᠠᠳ᠋ᠷᠴᠤᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠬᠦ᠂ ᠡᠮᠡᠭᠲᠡᠢ ᠶᠢᠨ ᠰᠠᠯᠠᠭᠠᠨ ᠤ ᠪᠠᠶᠢᠴᠠᠭᠠᠯᠲᠠ᠂ ᠬᠤᠶᠠᠷ ᠥᠮᠡᠨ ᠢ ᠰᠢᠭᠰᠢᠨ ᠪᠠᠶᠢᠴᠠᠭᠠᠬᠤ᠂ ᠠᠭᠤᠰᠬᠢᠨ ᠴᠢᠳᠠᠮᠵᠢ ᠶᠢ ᠪᠠᠶᠢᠴᠠᠭᠠᠬᠤ᠂ ᠰᠥᠰᠥᠲᠦ ᠴᠢᠯᠠᠭᠤᠵᠢᠯ ᠢ ᠰᠢᠭᠰᠢᠨ ᠪᠠᠶᠢᠴᠠᠭᠠᠬᠤ᠂ ᠪᠠᠮᠪᠠᠢ ᠪᠤᠯᠴᠢᠷᠬᠠᠢ ᠶᠢᠨ ᠪᠠᠶᠢᠴᠠᠭᠠᠯᠲᠠ᠂ ᠨᠠᠰᠤᠲᠠᠶᠢᠴᠤᠳ ᠤᠨ ᠴᠢᠨᠠᠷᠲᠠᠢ ᠴᠠᠭᠠᠨ ᠬᠠᠷᠠᠩ ᠵᠡᠷᠭᠡ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠰᠢᠶᠠᠨ ᠤ ᠬᠡᠪᠴᠢᠶᠡᠨ ᠳᠠᠬᠢ ᠡᠮᠡᠭᠲᠡᠶᠢᠴᠦᠳ ᠤᠨ ᠡᠷᠡᠭᠦᠯ ᠴᠢᠭᠢᠷᠠᠭ ᠪᠡᠶ᠎ᠡ ᠮᠠᠬᠠᠪᠣᠳ ᠢ ᠪᠠᠲᠤᠯᠠᠬᠤ ᠳᠤ ᠬᠦᠴᠦᠨ ᠨᠡᠮᠡᠷᠢᠯᠡᠪᠡ᠃   6᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠯᠢᠭᠡᠷ ᠤᠨ ᠡᠮᠬᠢᠳᠬᠡᠯ᠃ ᠭᠦᠶᠡᠩ ᠰᠢᠶᠠᠨ ᠤ ᠵᠠᠯᠠᠭᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠡᠯ᠎ᠡ ᠠᠩᠭᠢ ᠳᠤ ᠭᠤᠣᠯ ᠰᠡᠳᠦᠪᠲᠦ ᠠᠩᠭᠢ ᠶᠢᠨ ᠬᠤᠷᠠᠯ ᠥᠷᠨᠢᠭᠦᠯᠵᠦ᠂ ᠲᠤᠰ ᠪᠡᠶ᠎ᠡ ᠪᠤᠶᠤ ᠪᠤᠰᠤᠳ ᠬᠥᠮᠦᠨ ᠤ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠰᠠᠨ ᠰᠡᠳᠬᠢᠯ ᠬᠥᠳᠡᠯᠭᠡᠮ᠎ᠡ ᠦᠯᠢᠭᠡᠷ ᠢ ᠶᠠᠷᠢᠵᠤ᠂ ᠰᠤᠷᠤᠭᠴᠢᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠣᠯᠠᠨ ᠶᠠᠩᠵᠤᠲᠤ ᠴᠢᠨᠠᠷ ᠪᠠ ᠠᠴᠢ ᠬᠤᠯᠪᠣᠭᠳᠠᠯ ᠢ ᠣᠶᠢᠯᠠᠭᠠᠭᠤᠯᠵᠤ᠂ ᠰᠤᠷᠤᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠬᠠᠢ ᠳᠤᠷ᠎ᠠ ᠰᠣᠨᠢᠷᠬᠠᠯ ᠢ ᠬᠥᠭᠵᠢᠭᠡᠪᠡ᠃   7᠂ ︽ᠭᠦᠶᠡᠩ ᠤᠨ ᠳᠠᠭᠤᠷᠢᠶᠠᠯ ᠤᠨ ᠬᠦᠴᠦᠨ︾ ᠤ ᠬᠥᠳᠡᠯᠭᠡᠭᠡᠨ᠃ ᠭᠦᠶᠡᠩ ᠰᠢᠶᠠᠨ ᠤ ᠪᠣᠯᠪᠠᠰᠤᠨ ᠬᠡᠪ ᠰᠤᠷᠲᠠᠯ ᠤᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ︽ᠭᠦᠶᠡᠩ ᠤᠨ ᠦᠯᠢᠭᠡᠷ ᠳᠠᠭᠤᠷᠢᠶᠠᠯ ᠤᠨ ᠬᠦᠴᠦᠨ︾ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠳᠤᠮᠳᠠᠬᠢ ᠵᠢᠱᠢᠶᠡᠴᠢ ᠳᠠᠭᠤᠷᠢᠶᠠᠯ ᠢ ᠰᠢᠯᠢᠨ ᠰᠣᠩᠭᠤᠵᠤ᠂ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠷᠭᠡᠨ ᠣᠯᠠᠨ ᠲᠦᠮᠡᠨ ᠤ ᠦᠵᠡᠰᠬᠦᠯᠡᠩᠲᠦ ᠰᠠᠶᠢᠬᠠᠨ᠂ ᠪᠠᠶᠠᠨ ᠴᠢᠨᠡᠭᠡᠯᠢᠭ᠂ ᠵᠣᠯ ᠵᠢᠷᠭᠠᠯ ᠲᠠᠢ᠂ ᠠᠮᠢᠵᠢᠷᠠᠯ ᠤᠨ ᠬᠦᠴᠦᠨ᠂ ᠡᠶ᠎ᠡ ᠵᠣᠬᠢᠴᠠᠩᠭᠤᠢ ᠭᠦᠶᠡᠩ ᠣᠷᠣᠨ ᠢ ᠪᠦᠲᠦᠭᠡᠨ ᠪᠠᠶᠢᠭᠤᠯᠵᠤ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢ ᠢᠯᠡᠷᠡᠭᠦᠯᠪᠡ᠃   8. ︽ᠰᠡᠳᠬᠢᠯ ᠢ ᠳᠤᠯᠠᠭᠠᠴᠠᠭᠤᠯᠬᠤ︾ ᠵᠢᠷᠤᠮ ᠤᠨ ᠡᠮᠴᠢᠯᠡᠭᠡᠨ ᠤ ᠠᠵᠢᠯᠯᠠᠭ᠎ᠠ᠃ ᠭᠦᠶᠡᠩ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ ᠪᠠ ᠡᠷᠡᠭᠦᠯ ᠮᠡᠨᠳᠦ ᠶᠢᠨ ᠤᠬᠠᠭᠤᠯᠭ᠎ᠠ ᠬᠢᠵᠦ᠂ ᠬᠡᠦᠬᠡᠳ ᠤᠨ ᠴᠡᠴᠡᠷᠯᠢᠭ ᠤᠨ ᠬᠡᠦᠬᠡᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠲᠡᠳᠡᠨ ᠤ ᠡᠷᠡᠭᠦᠯ ᠮᠡᠨᠳᠦ ᠶᠢ ᠬᠠᠮᠠᠭᠠᠯᠠᠪᠠ᠃   9᠂ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠣᠷᠣᠭᠤᠯᠤᠨ᠎ᠠ᠃ ᠭᠦᠶᠡᠩ ᠰᠢᠶᠠᠨ ᠤ ᠬᠠᠤᠯᠢ ᠴᠠᠭᠠᠵᠠ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠳᠤ ᠣᠴᠢᠭᠤᠯᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠪᠣᠯᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃   10᠂ ︽ᠡᠮᠡᠭᠲᠡᠶᠢᠴᠦᠳ  ᠨᠣᠮ ᠤᠨ ᠬᠦᠴᠦᠨ ᠢᠶᠠᠷ ᠤᠮᠠᠷᠠᠲᠤ ᠬᠢᠯᠢ ᠬᠢᠵᠠᠭᠠᠷ ᠢᠶᠠᠨ ᠬᠦᠭᠵᠢᠬᠦᠯᠬᠦ︾ ᠬᠥᠳᠡᠯᠭᠡᠭᠡᠨ᠃ ᠭᠦᠶᠡᠩ ᠰᠢᠶᠠᠨ ᠤ ᠰᠣᠶᠣᠯ ᠢ ᠲᠦᠮᠡᠨ ᠡᠷᠦᠬᠡ ᠳᠤ ᠣᠷᠣᠭᠤᠯᠵᠤ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠡᠯ᠎ᠡ ᠨᠡᠶᠢᠭᠡᠮ ᠲᠣᠭᠤᠷᠢᠭ ᠤᠨ ᠠᠵᠢᠯᠯᠠᠭᠠᠨ ᠤ ᠲᠥᠪ ᠲᠤ ᠡᠮᠡᠭᠲᠡᠶᠢᠴᠦᠳ ᠤᠨ ᠨᠣᠮ ᠤᠩᠰᠢᠵᠤ ᠬᠤᠪᠢᠶᠠᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠡᠮᠡᠭᠲᠡᠶᠢᠴᠦᠳ ᠤᠨ ᠮᠡᠳᠡᠯᠭᠡ ᠶᠢᠨ ᠬᠦᠴᠦᠨ ᠢ ᠨᠡᠮᠡᠭᠳᠡᠭᠦᠯᠵᠦ᠂ ᠨᠣᠮ ᠤᠨ ᠦᠨᠦᠷ ᠢ ᠠᠩᠭᠢᠯᠠᠭᠤᠯᠤᠨ᠎ᠠ᠃ 
 
ᠢᠷᠡᠯᠲᠡ᠄ ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号