ᠰᠢᠶᠠ ᠱᠢ ᠬᠤᠤ ᠪᠠᠯᠭᠠᠰᠤᠨ ᠤ ︽ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯᠦᠶ᠎ᠡ︾ ᠭᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ
ᠨᠡᠶᠢᠲᠡᠯᠡᠭᠰᠡᠨ ᠴᠠᠭ᠄
2025/3/6
    ᠭᠤᠷᠪᠠᠨ ᠰᠠᠷ᠎ᠠ ᠶᠢᠨ ᠬᠠᠪᠤᠷ ᠤᠨ ᠰᠠᠯᠬᠢ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ︕ ᠯᠧᠢ ᠹᠧᠩ ᠨᠥᠬᠦᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠲᠠᠨᠮᠵᠢᠭᠤᠯᠤᠨ᠎ᠠ᠃ 3 ᠰᠠᠷ᠎ᠠ ᠶᠢᠨ 5 ᠤ ᠡᠳᠦᠷ᠂ ᠰᠢᠶᠠ ᠱᠢ ᠬᠤᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠰᠢᠶᠠ ᠱᠢ ᠬᠤᠤ ᠪᠠᠯᠭᠠᠰᠤᠨ ᠤ ᠡᠪᠯᠡᠯ ᠤᠨ ᠬᠤᠷᠢᠶ᠎ᠡ ᠬᠠᠮᠲᠤᠪᠠᠷ ︽ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠬᠦ ᠵᠢᠴᠢ ᠦᠭᠡ ᠶᠠᠷᠢᠵᠤ ᠪᠣᠯᠪᠠᠰᠤᠨ ᠢᠶᠠᠷ ᠦᠢᠯᠡᠳᠦᠯᠭᠡᠵᠢᠭᠦᠯᠬᠦ ᠰᠢᠷᠢᠰ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠷᠢᠶ᠎ᠠ ᠣᠷᠣᠨ ᠤ ᠪᠠᠨ ᠲᠣᠰᠬᠤᠨ ᠤ ᠠᠷᠠᠳ ᠲᠤ ᠬᠠᠶᠢᠷ᠎ᠠ ᠬᠠᠯᠠᠮᠵᠢ ᠬᠦᠷᠭᠡᠪᠡ᠃ 
d36-1.jpg
    ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠲᠣᠰᠬᠤᠨ ᠤ ᠠᠷᠠᠳ ᠤᠨ ᠵᠥᠪᠯᠡᠯ ᠳᠤ ᠢᠷᠡᠭᠰᠡᠨ ᠠᠬᠠᠮᠠᠳ ᠨᠠᠮ ᠤᠨ ᠭᠡᠰᠢᠭᠦᠨ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰᠬᠤᠨ ᠤ ᠠᠷᠠᠳ ᠤᠨ ᠵᠥᠪᠯᠡᠯ ᠳᠤ ᠬᠡᠷᠬᠢᠨ ᠢᠷᠡᠵᠦ ᠪᠠᠶᠢᠭ᠎ᠠ ᠨᠠᠰᠤᠲᠠᠨ ᠪᠣᠯᠤᠨ ᠭᠡᠷ ᠪᠦᠯᠢ ᠶᠢᠨ ᠬᠢᠨ ᠤ ᠭᠠᠷ ᠤᠲᠠᠰᠤᠨ ᠤ ᠸᠢᠴᠠᠲ ᠢᠶᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠢ ᠪᠡᠶᠡᠯᠡᠭᠦᠯᠬᠦ ᠶᠢ ᠬᠦᠯᠢᠴᠡᠩᠭᠦᠢ ᠪᠠᠷ ᠵᠢᠯᠣᠭᠤᠳᠬᠤ ᠶᠢᠨ ᠬᠠᠮᠲᠤ ᠭᠡᠷ ᠲᠤᠨᠢ ᠬᠦᠷᠴᠦ ᠤᠶᠤᠨᠲᠤ ᠮᠠᠰᠢᠨ ᠦᠭᠡᠢ ᠪᠥᠭᠡᠳ ᠦᠷ᠎ᠡ ᠬᠡᠦᠬᠡᠳ ᠨᠢ ᠬᠠᠵᠠᠭᠤ ᠳᠤᠨᠢ ᠪᠠᠶᠢᠬᠤ ᠦᠭᠡᠢ ᠨᠠᠰᠤᠲᠠᠨ ᠢ ᠬᠠᠪᠰᠤᠷᠤᠨ ᠨᠢᠭᠤᠷ ᠢ ᠨᠢ ᠦᠵᠡᠵᠦ ᠭᠡᠷᠡᠴᠢᠯᠡᠭᠦᠯᠬᠦ ᠶᠢᠨ ᠬᠠᠮᠲᠤ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠪᠡᠶ᠎ᠡ ᠶᠢᠨ ᠪᠠᠶᠢᠳᠠᠯ ᠂ ᠠᠮᠢᠳᠤᠷᠠᠯ ᠤᠨ ᠪᠠᠶᠢᠳᠠᠯ ᠵᠢᠴᠢ ᠬᠦᠴᠢᠷᠳᠡᠯ ᠣᠷᠣᠰᠢᠵᠤ ᠪᠠᠶᠢᠬᠤ ᠡᠰᠡᠬᠦ ᠶᠢ ᠨᠠᠷᠢᠨ ᠠᠰᠠᠭᠤᠵᠤ᠂ ᠰᠡᠳᠬᠢᠯ ᠤᠨ ᠦᠭᠡ ᠪᠣᠯᠤᠨ ᠬᠡᠷᠡᠭᠴᠡᠭᠡ ᠶᠢ ᠨᠠᠷᠢᠨ ᠬᠢᠨᠠᠮᠠᠭᠠᠢ ᠰᠣᠨᠣᠰᠴᠠᠢ᠃︽ᠭᠤᠷᠪᠠ ᠭᠤᠷᠪᠠ ᠶᠢᠨ ᠳᠦᠷᠢᠮᠲᠦ ᠤᠬᠠᠭᠤᠯᠭ᠎ᠠ ᠶᠢᠨ ᠬᠥᠩᠭᠡᠨ ᠮᠣᠷᠢᠲᠤ ᠴᠡᠷᠢᠭ︾ ᠤᠨ ᠭᠡᠰᠢᠭᠦᠨ ᠤ ᠳᠠᠭᠠᠭᠤᠯᠭ᠎ᠠ ᠳᠣᠣᠷ᠎ᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ - ︽ᠨᠢᠭᠡ ᠳᠡᠪᠲᠡᠷ ᠬᠥᠭᠵᠢᠯᠲᠡ ᠶᠢᠨ ᠲᠠᠩᠰᠠ︾᠂ ︽ᠨᠢᠭᠡ ᠳᠡᠪᠲᠡᠷ ᠠᠷᠠᠳ ᠲᠤ ᠠᠰᠢᠭ ᠬᠦᠷᠲᠡᠭᠡᠬᠦ ᠲᠠᠩᠰᠠ︾᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠪᠠ᠃ ᠡᠭᠦᠨ ᠠᠴᠠ ᠭᠠᠳᠠᠨ᠎ᠠ᠂ ᠲᠣᠰᠬᠤᠨ ᠤ ᠠᠷᠠᠳ ᠲᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠢᠱᠢᠶᠡᠯᠡᠪᠡᠯ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ᠂ ᠵᠡᠮᠳᠡᠭᠴᠦᠳ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠮᠡᠬᠡᠯᠡᠯ ᠢ ᠰᠡᠷᠭᠡᠶᠢᠯᠡᠬᠦ ᠮᠡᠬᠡᠯᠡᠯ ᠢ ᠡᠰᠡᠷᠭᠦᠴᠡᠬᠦ ᠮᠡᠳᠡᠯᠭᠡ ᠶᠢ ᠨᠠᠷᠢᠨ ᠬᠠᠷᠢᠭᠤᠯᠵᠠᠢ᠃ ᠰᠠᠶᠢᠨ ᠳᠤᠷ᠎ᠠ ᠶᠢᠨ ᠦᠢᠯᠡᠴᠢᠯᠡᠭᠴᠢᠳ ︽ᠨᠤᠲᠤᠭ ᠤᠨ ᠠᠶᠠᠯᠭᠤ︾ ᠪᠠᠷ ︽ᠨᠠᠮ ᠤᠨ ᠳᠠᠭᠤᠨ︾ ᠢ ᠤᠯᠠᠮᠵᠢᠯᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠯᠧᠢ ᠹᠧᠩ ᠠᠴᠠ ᠰᠤᠷᠤᠯᠴᠠᠬᠤ ᠶᠢ ᠬᠡᠪ ᠤᠨ ᠪᠠᠶᠢᠳᠠᠯ ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠭᠤᠯᠪᠠ᠃     ᠣᠶᠢᠷ᠎ᠠ ᠳᠤ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠰᠢᠶᠠ ᠱᠢ ᠬᠤᠤ ᠪᠠᠯᠭᠠᠰᠤᠨ ᠤ ᠲᠣᠰᠬᠤᠨ ᠤ ᠭᠤᠣᠯ ᠵᠠᠮ ᠳᠤ ᠭᠦᠨ ᠵᠤᠵᠠᠭᠠᠨ ᠬᠤᠷᠠᠭᠰᠠᠨ ᠴᠠᠰᠤ ᠬᠠᠳᠠᠭᠠᠯᠠᠭᠳᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠥᠨᠳᠥᠷ ᠨᠠᠰᠤᠲᠠᠢ ᠨᠠᠰᠤᠲᠠᠨ ᠤ ᠭᠡᠷ ᠲᠤ ᠬᠦᠷᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠮ ᠤᠨ ᠬᠤᠷᠠᠭᠰᠠᠨ ᠴᠠᠰᠤ ᠶᠢ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠥᠷᠭᠡᠨ ᠠᠭᠤᠳᠠᠮ᠂ ᠠᠮᠤᠷ ᠲᠦᠪᠰᠢᠨ ᠵᠠᠮ ᠲᠠᠯᠪᠢᠵᠤ ᠥᠭᠴᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠠᠰᠤᠲᠠᠨ ᠳᠤ ᠬᠠᠨᠢ ᠪᠣᠯᠵᠤ ᠵᠣᠭᠤᠭ ᠳᠡᠯᠭᠡᠵᠦ᠂ ᠴᠢᠰᠤᠨ ᠰᠢᠬᠢᠷ᠂ ᠴᠢᠰᠤᠨ ᠳᠠᠷᠤᠯᠲᠠ ᠶᠢ ᠬᠠᠪᠰᠤᠷᠤᠨ ᠬᠡᠮᠵᠢᠬᠦ᠂ ᠲᠥᠮᠥᠰᠥ ᠵᠥᠭᠡᠭᠡᠪᠦᠷᠢᠯᠡᠬᠦ᠂ ᠡᠪᠳᠡᠭᠳᠡᠭᠰᠡᠨ ᠬᠦᠷᠢᠶ᠎ᠡ ᠬᠠᠰᠢᠶ᠎ᠠ ᠶᠢ ᠰᠡᠯᠪᠢᠨ ᠵᠠᠰᠠᠬᠤ᠂ ᠭᠡᠭᠡᠭᠰᠡᠨ ᠴᠤᠷᠪᠠᠭ᠎ᠠ ᠡᠷᠢᠵᠦ ᠣᠯᠬᠤ᠂ ᠴᠠᠬᠢᠯᠭᠠᠨ ᠭᠡᠢ ᠬᠡᠷᠡᠭᠯᠡᠬᠦ ᠶᠢᠨ ᠠᠮᠤᠷ ᠲᠦᠪᠰᠢᠨ ᠢ ᠪᠠᠶᠢᠴᠠᠭᠠᠪᠠ᠃ ︽ᠠᠮᠢᠳᠤ ᠯᠧᠢ ᠹᠧᠩ ᠲᠠ ᠨᠠᠷ ᠲᠤ ᠲᠠᠯᠠᠷᠬᠠᠵᠤ ᠪᠠᠶᠢᠨ᠎ᠠ᠂ ᠲᠠ ᠨᠠᠷ ᠪᠢᠳᠡᠨ ᠤ ᠲᠦᠯᠦᠭᠡ ᠰᠠᠨᠠᠭ᠎ᠠ ᠰᠡᠳᠭᠢᠯ ᠢᠶᠠᠨ ᠴᠢᠯᠡᠭᠡᠵᠦ ᠪᠠᠶᠢᠨ᠎ᠠ︕︾ ᠬᠡᠵᠦ ᠠᠪᠤ ᠡᠵᠢ ᠨᠢ ᠵᠠᠯᠭ᠎ᠠ ᠪᠠᠷ ᠰᠠᠶᠢᠰᠢᠶᠠᠪᠠ᠃ ᠰᠣᠶᠣᠯ ᠢᠷᠭᠡᠨᠰᠢᠯ ᠤᠨ ᠬᠠᠯᠠᠮᠵᠢᠯᠠᠯ ᠯᠤᠭ᠎ᠠ ᠰᠠᠶᠢᠨ ᠳᠤᠷ᠎ᠠ ᠶᠢᠨ ᠦᠢᠯᠡᠴᠢᠯᠡᠭᠡ ᠳᠤ ᠤᠰᠤ ᠤᠮᠳᠠ ᠠᠭᠤᠰᠤᠯᠴᠠᠬᠤ ᠳᠤ ᠯᠧᠢ ᠹᠧᠩ ᠤᠨ ᠵᠣᠷᠢᠭ ᠰᠠᠨᠠᠭ᠎ᠠ ᠠᠯᠤᠰ ᠬᠡᠳᠦ ᠶᠢᠨ ᠨᠣᠮ ᠳᠠᠬᠢ ᠦᠯᠢᠭᠡᠷ ᠪᠢᠰᠢ ᠪᠣᠯᠵᠤ᠂ ᠬᠠᠷᠢᠨ ᠴᠢᠰᠤᠨ ᠳᠠᠷᠤᠯᠲᠠ ᠶᠢᠨ ᠬᠡᠮᠵᠢᠭᠦᠷᠯᠢᠭ ᠳᠡᠭᠡᠷ᠎ᠡ ᠦᠰᠦᠷᠴᠦ ᠪᠠᠶᠢᠭᠰᠠᠨ ᠲᠤᠭ᠎ᠠ ᠪᠠᠷᠢᠮᠲᠠ᠂ ᠡᠭᠦᠳᠡᠨ ᠡᠮᠦᠨ᠎ᠡ ᠴᠡᠪᠡᠷ ᠴᠡᠮᠴᠡᠭᠡᠷ ᠵᠠᠮ ᠪᠠᠶᠢᠵᠤ᠂ ᠬᠥᠮᠦᠨ ᠤ ᠶᠢᠷᠲᠢᠨᠴᠦ ᠳᠤ ᠲᠦᠭᠡᠮᠡᠯᠵᠢᠵᠦ ᠪᠠᠶᠢᠨ᠎ᠠ᠃    ᠰᠢᠶᠠ ᠱᠢ ᠬᠤᠤ ᠪᠠᠯᠭᠠᠰᠤ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠤᠷᠢᠵᠤ ᠯᠧᠢ ᠹᠧᠩ  ᠪᠢᠴᠢᠭ ᠤᠨ ᠤᠭᠤᠲᠠ᠂ ᠬᠠᠶᠢᠴᠢᠯᠠᠨ ᠨᠠᠭᠠᠬᠤ ᠵᠢᠷᠤᠭ ᠤᠨ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠣᠯᠠᠨ ᠢᠶᠠᠷ ᠢᠶᠠᠨ᠂ ᠯᠧᠢ ᠹᠧᠩ ᠤᠨ ᠺᠠᠷᠲ᠋ᠣᠨ ᠤ ᠳᠦᠷᠢ ᠲᠥᠷᠬᠦ ᠪᠣᠯᠤᠨ ᠯᠧᠢ ᠹᠧᠩ ᠤᠨ ᠦᠭᠡᠰ ᠢ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠳᠤ ᠬᠡᠷᠡᠭᠯᠡᠬᠦ ᠱᠣᠰᠢᠭ᠎ᠠ ᠶᠢᠨ ᠵᠢᠷᠤᠭ ᠲᠥᠯᠥᠪᠯᠡᠭᠡ ᠳᠤ ᠠᠭᠤᠰᠬᠠᠨ ᠣᠷᠣᠭᠤᠯᠵᠠᠢ᠃ ᠨᠢᠭᠡ ᠵᠢᠵᠢᠭᠬᠡᠨ ᠱᠣᠰᠢᠭ᠎ᠠ ᠨᠢ ᠴᠣ ᠰᠢᠨ᠎ᠡ ᠪᠥᠭᠡᠳ ᠭᠦᠨ ᠭᠦᠨᠵᠡᠭᠡᠢ ᠠᠴᠢ ᠬᠤᠯᠪᠣᠭᠳᠠᠯ ᠲᠠᠢ ᠪᠣᠯᠤᠭᠰᠠᠨ ᠪᠠᠶᠢᠨ᠎ᠠ᠃ ᠬᠦᠴᠦᠨ ᠴᠢᠳᠠᠯ ᠪᠦᠬᠦᠢ ᠯᠧᠢ ᠹᠧᠩ ᠤᠨ ᠲᠡᠭᠦᠪᠦᠷᠢ ᠨᠢ ᠵᠣᠬᠢᠶᠠᠨ ᠪᠦᠲᠦᠭᠡᠬᠦ ᠶᠠᠪᠤᠴᠠ ᠳᠤ ᠪᠠᠨ ᠰᠠᠶᠢᠨ ᠳᠤᠷᠠᠴᠤᠳ ᠤᠨ ᠰᠡᠳᠬᠢᠯ ᠳᠤ ᠢᠮ ᠲᠡᠮᠳᠡᠭ ᠪᠣᠯᠵᠤ ᠬᠤᠪᠢᠷᠠᠭᠰᠠᠨ ᠪᠠᠶᠢᠨ᠎ᠠ᠃ ᠯᠧᠢ ᠹᠧᠩ ᠤᠨ ᠵᠣᠷᠢᠭ ᠰᠠᠨᠠᠭ᠎ᠠ ᠶᠢ ᠳᠠᠮᠵᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠣᠮ ᠤᠨ ᠱᠣᠰᠢᠭ᠎ᠠ ᠪᠣᠯᠤᠨ ᠬᠠᠶᠢᠴᠢᠯᠠᠨ ᠨᠠᠭᠠᠬᠤ ᠵᠢᠷᠤᠭ ᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠠᠷ ᠲᠤ ᠬᠦᠷᠭᠡᠵᠦ᠂ ᠬᠡᠦᠬᠡᠳ ᠤᠳ ᠢ ᠨᠣᠮ ᠤᠨ ᠳᠠᠯᠠᠢ ᠳᠤ ᠡᠷᠭᠢᠴᠡᠭᠦᠯᠬᠦ ᠶᠢᠨ ᠬᠠᠮᠲᠤ᠂ ᠨᠣᠮ ᠤᠨ ᠱᠣᠰᠢᠭ᠎ᠠ ᠳᠡᠭᠡᠷᠡᠬᠢ ᠯᠧᠢ ᠹᠧᠩ ᠬᠡᠯᠡᠨ ᠤ ᠲᠡᠮᠳᠡᠭᠯᠡᠯ ᠲᠠᠢ ᠬᠠᠮᠲᠤ ︽ᠯᠧᠢ ᠹᠧᠩ ᠤᠨ ᠵᠣᠷᠢᠭ ᠰᠠᠨᠠᠭ᠎ᠠ︾ ᠶᠢ ᠰᠡᠳᠬᠢᠯ ᠳᠡᠭᠡᠨ ᠦᠨᠳᠦᠰᠦᠯᠡᠭᠦᠯᠦᠨ ᠰᠣᠶᠣᠭᠠᠯᠠᠭᠤᠯᠵᠤ᠂ ᠭᠢᠯᠠᠯᠵᠠᠭᠰᠠᠨ ᠤᠳᠦᠠ ᠤᠯᠠᠮ ᠠᠴᠠ ᠤᠯᠠᠮ ᠬᠥᠭᠵᠢᠨ ᠪᠠᠳᠠᠷᠠᠬᠤ ᠶᠢ ᠢᠲᠡᠭᠡᠵᠦ ᠪᠠᠶᠢᠨ᠎ᠠ︕    ᠲᠤᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠳᠥᠭᠦᠮ ᠳᠥᠲᠡ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠬᠦᠷᠲᠡᠭᠡᠭᠰᠡᠨ ᠪᠥᠭᠡᠳ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃ ᠳᠠᠷᠠᠭᠠᠴᠢ ᠶᠢᠨ ᠠᠯᠬᠤᠮ ᠳᠤ᠂ ᠰᠢᠶᠠ ᠱᠢ ᠬᠤᠤ ᠪᠠᠯᠭᠠᠰᠤ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠠᠯᠠᠭᠤᠴᠤᠳ ᠢᠶᠠᠷ ᠭᠤᠣᠯ ᠴᠣᠭᠴᠠ ᠪᠣᠯᠭᠠᠭᠰᠠᠨ ᠣᠨᠴᠠᠯᠢᠭ ᠲᠠᠢ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠢ ᠬᠥᠲᠥᠯᠥᠨ ᠵᠢᠯᠣᠭᠤᠳᠴᠤ ᠪᠠᠶᠢᠭᠠᠳ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠤᠯᠠᠮᠵᠢᠯᠠᠵᠤ᠂ ᠤᠬᠠᠮᠰᠠᠷ ᠠᠴᠠ ᠪᠠᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠠ ᠰᠠᠨᠠᠭᠠᠴᠢᠯᠠᠭᠴᠢ ᠪᠣᠯᠭᠠᠨ᠎ᠠ᠃    ᠯᠧᠢ ᠹᠧᠩ ᠠᠴᠠ ᠰᠤᠷᠤᠯᠴᠠᠵᠤ ᠪᠠᠶᠢᠭ᠎ᠠ ᠬᠦᠮᠦᠨ ᠪᠦᠷᠢ ᠳᠤ ᠪᠠᠨ ᠬᠦᠨᠳᠦᠳᠭᠡᠯ ᠲᠡᠪᠰᠢᠭᠦᠯᠵᠦ ᠪᠠᠶᠢᠨ᠎ᠠ︕ 
 
ᠢᠷᠡᠯᠲᠡ᠄ ᠰᠢᠶᠠ ᠱᠢ ᠬᠤᠤ ᠪᠠᠯᠭᠠᠰᠤᠨ ᠤ ᠠᠷᠠᠳ ᠤᠨ ᠵᠠᠰᠠᠭ ᠤᠨ ᠦᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号